【 ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠢ ᠶᠢ ᠪᠡᠯᠭᠡᠯᠡᠪᠡ 】 ᠤᠯᠤᠰ ᠤᠨ ᠲᠤᠭ ᠢ ᠰᠣᠨᠢᠷᠬᠠᠵᠤ ᠤᠯᠤᠰ ᠤᠨ ᠪᠠᠶᠠᠷ ᠢ ᠪᠠᠶᠠᠷᠯᠠᠨ ᠤᠭᠲᠤᠶ᠎ᠠ  ᠮᠠᠨ ᠤ ᠬᠤᠲᠠ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠢ ᠶᠢ ᠪᠡᠯᠭᠡᠯᠡᠬᠦ ᠤᠯᠤᠰ ᠤᠨ ᠲᠤᠭ ᠮᠠᠨᠳᠤᠭᠤᠯᠬᠤ ᠶᠣᠰᠣᠯᠠᠯ ᠶᠠᠪᠤᠭᠳᠠᠭᠤᠯᠪᠠ
ᠨᠡᠶᠢᠲᠡᠯᠡᠭᠰᠡᠨ ᠴᠠᠭ᠄
2024/10/8
     10 ᠰᠠᠷ᠎ᠠ ᠶᠢᠨ 1 ᠤ ᠡᠳᠦᠷ ᠤᠨ ᠦᠳᠡ ᠶᠢᠨ ᠡᠮᠦᠨ᠎ᠡ᠂ ᠮᠠᠨ ᠤ ᠬᠤᠲᠠ ᠤᠯᠤᠰ ᠤᠨ ᠡᠭᠦᠳᠡᠨ ᠤ ᠦᠵᠡᠮᠵᠢ ᠶᠢᠨ ᠣᠷᠣᠨ ᠤ ᠬᠢᠯᠢ ᠶᠢᠨ ᠬᠥᠰᠢᠶ᠎ᠡ ᠠᠭᠤᠳᠠᠮ ᠲᠠᠯᠠᠪᠠᠶ ᠳᠤ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠤᠯᠤᠰ ᠤᠨ ᠲᠤᠭ ᠮᠠᠨᠳᠤᠭᠤᠯᠬᠤ ᠶᠣᠰᠣᠯᠠᠯ ᠶᠠᠪᠤᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠰᠠᠨ ᠱᠢ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠵᠡᠶ᠃      ᠦᠳᠡ ᠶᠢᠨ ᠡᠮᠦᠨᠡᠬᠢ 9 ᠴᠠᠭ ᠲᠤ᠂ ᠲᠤᠭ ᠮᠠᠨᠳᠤᠭᠤᠯᠤᠭᠴᠢ ᠣᠮᠤᠭ ᠲᠡᠭᠦᠯᠳᠡᠷ ᠢᠶᠠᠷ ᠲᠤᠭ ᠮᠠᠨᠳᠤᠭᠤᠯᠵᠤ᠂ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ᠂ ᠲᠠᠪᠤᠨ ᠣᠳᠣᠲᠤ ᠤᠯᠠᠭᠠᠨ ᠲᠤᠭ ᠠᠯᠭᠤᠷᠬᠠᠨ ᠢᠶᠠᠷ ᠮᠠᠨᠳᠤᠵᠤ᠂ ᠰᠠᠯᠬᠢᠨ ᠤ ᠠᠶ᠎ᠠ ᠪᠠᠷ ᠨᠠᠮᠢᠷᠠᠵᠤ᠂ ᠪᠥᠬᠦ ᠬᠥᠮᠦᠰ ᠡᠷᠬᠢᠮ ᠳᠡᠭᠡᠳᠦ ᠬᠦᠨᠳᠦᠳᠬᠡᠯ ᠢᠶᠠᠷ ᠤᠯᠤᠰ ᠤᠨ ᠲᠤᠭ ᠲᠤ ᠰᠢᠷᠳᠡᠬᠦ ᠶᠣᠰᠣ ᠬᠢᠵᠦ᠂ ᠡᠬᠡ ᠤᠯᠤᠰ ᠲᠠᠭᠠᠨ ᠬᠢᠵᠠᠭᠠᠯᠠᠰᠢ ᠥᠬᠡᠶ ᠬᠠᠶᠢᠷ᠎ᠠ ᠰᠡᠳᠬᠢᠯᠭᠡ ᠪᠠ ᠬᠦᠰᠡᠯ ᠵᠥᠩᠨᠡᠯ ᠢᠶᠠᠨ ᠳᠡᠪᠰᠢᠭᠦᠯᠪᠡ᠃      ᠸᠠᠩ ᠰᠠᠨ ᠱᠢ ᠪᠠᠶᠠᠷ ᠤᠨ ᠦᠭᠡ ᠬᠡᠯᠡᠬᠦ ᠳᠡᠭᠡᠨ ᠬᠤᠳᠠ ᠶᠢᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠡᠮᠦᠨ᠎ᠡ ᠠᠴᠠ ᠪᠦᠬᠦ ᠬᠤᠳᠠ ᠶᠢᠨ ᠥᠷᠭᠡᠨ ᠤᠯᠠᠨ ᠺᠠᠳ᠋ᠷ ᠤᠯᠠᠨ ᠲᠦᠮᠡᠨ ᠳᠤ ᠪᠠᠶᠠᠷ ᠤᠨ ᠡᠳᠦᠷ ᠤᠨ ᠪᠠᠶᠠᠷ ᠬᠦᠷᠭᠡᠵᠦ᠂ ᠤᠯᠤᠰ ᠤᠨ ᠪᠠᠶᠠᠷ ᠤᠨ ᠬᠤᠭᠤᠴᠠᠭᠠᠨ ᠳᠤ ᠡᠮᠦᠨ᠎ᠡ ᠹᠷᠣᠨᠲ ᠢ ᠪᠠᠲᠤ ᠰᠠᠬᠢᠵᠤ ᠪᠠᠶᠢᠭ᠎ᠠ ᠨᠥᠬᠦᠳ ᠲᠤ ᠳᠣᠲᠣᠨᠣ ᠮᠡᠨᠳᠦᠴᠢᠯᠡᠯ ᠳᠡᠪᠰᠢᠭᠦᠯᠪᠡ᠃ ᠲᠡᠷᠡ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠲᠤᠷᠰᠢ᠂ ᠡᠬᠡ ᠤᠯᠤᠰ ᠤᠨ ᠤᠷᠤᠭᠰᠢᠯᠠᠯᠲᠠ ᠶᠢᠨ ᠠᠯᠬᠤᠭ᠎ᠠ ᠶᠢ ᠳᠠᠭᠠᠯᠳᠤᠨ᠂ ᠥᠭᠡᠷᠡᠴᠢᠯᠡᠯᠲᠡ ᠨᠡᠭᠡᠭᠡᠯᠲᠡ ᠶᠢᠨ ᠤᠷᠢᠬᠠᠨ ᠰᠠᠯᠬᠢ ᠶᠢ ᠤᠮᠳᠠᠯᠠᠵᠤ᠂ ᠡᠷᠢᠶᠡᠨ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠲᠠᠰᠤᠷᠠᠯᠲᠠ ᠥᠬᠡᠶ ᠰᠢᠨ᠎ᠡ ᠠᠮᠵᠢᠯᠲᠠ ᠤᠯᠪᠠ᠃ ᠲᠡᠦᠬᠡ ᠶᠢᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠪᠦᠬᠦ ᠬᠤᠳᠠ ᠶᠢᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠡᠷᠡᠰ ᠭᠤᠶᠢᠪᠢᠰᠢ ᠦᠭᠡᠢ ᠥᠨᠳᠥᠷ ᠮᠠᠨᠳᠤᠭᠤᠯᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠥᠭᠡᠷᠡᠴᠢᠯᠡᠯᠲᠡ ᠶᠢᠨ ᠪᠣᠭᠤᠮᠲᠠ ᠰᠢᠪᠲᠤᠯᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠬᠤᠶᠠᠷ ᠶᠡᠭᠡ ᠶᠠᠪᠤᠳᠠᠯ ᠢ ᠴᠢᠨᠠᠷ ᠰᠠᠶᠢᠲᠠᠢ ᠪᠡᠶᠡᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠢᠨᠵᠧᠨᠧᠷᠢᠩ︾ ᠢ ᠨᠢᠭᠡ ᠴᠤᠭᠴᠠᠵᠢᠭᠤᠯᠤᠨ ᠠᠬᠢᠭᠤᠯᠵᠤ᠂ ᠡᠷᠴᠢ ᠵᠣᠷᠢᠭ ᠢᠶᠠᠨ ᠬᠥᠪᠴᠢᠯᠡᠨ᠂ ᠡᠷᠡᠯᠬᠡᠭᠯᠡᠨ ᠤᠷᠤᠭᠰᠢᠯᠠᠵᠤ ᠂ ᠰᠢᠨ᠎ᠡ ᠴᠠᠭ ᠦᠶ᠎ᠡ ᠶᠢᠨ ᠪᠣᠭᠤᠮᠲᠠ ᠶᠢᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ᠃      ᠤᠯᠤᠰ ᠤᠨ ᠲᠤᠭ ᠮᠠᠨᠳᠤᠭᠤᠯᠬᠤ ᠶᠣᠰᠣᠯᠠᠯ ᠤᠨ ᠳᠠᠷᠠᠭ᠎ᠠ᠂ ᠪᠥᠬᠦ ᠬᠥᠮᠦᠰ ᠭᠠᠷ ᠲᠠᠬᠢ ᠵᠢᠵᠢᠭ ᠤᠯᠤᠰ ᠤᠨ ᠲᠤᠭ ᠢᠶᠠᠨ ᠬᠤᠷᠦ᠋ᠢᠯᠠᠵᠤ᠂ ︽ᠡᠬᠡ ᠤᠯᠤᠰ ᠢᠶᠠᠨ ᠮᠠᠭᠲᠠᠨ ᠳᠠᠭᠤᠯᠠᠶ᠎ᠠ︾ ᠭᠡᠬᠦ ᠳᠠᠭᠤᠤ ᠶᠢ ᠬᠠᠮᠲᠤ ᠪᠠᠷ ᠳᠠᠭᠤᠯᠠᠵᠤ᠂ ᠠᠭᠤᠤ ᠶᠡᠭᠡ ᠡᠬᠡ ᠤᠯᠤᠰ ᠤᠨ ᠴᠡᠴᠡᠭᠯᠡᠨ ᠬᠥᠭᠵᠢᠬᠦ ᠶᠢ ᠬᠦᠰᠡᠨ ᠵᠥᠩᠨᠡᠪᠡ᠃      ᠬᠤᠲᠠ ᠶᠢᠨ ᠰᠢᠭᠤᠳ ᠬᠠᠷᠢᠶ᠎ᠠ᠂ ᠬᠤᠲᠠ ᠳᠤ ᠰᠠᠭᠤᠭ᠎ᠠ ᠰᠠᠯᠠᠭ᠎ᠠ ᠮᠥᠴᠢᠷ ᠤᠨ ᠺᠠᠳ᠋ᠷ ᠠᠵᠢᠯᠲᠠᠨ᠂ ᠬᠤᠲᠠ ᠳᠤ ᠰᠠᠭᠤᠭ᠎ᠠ ᠴᠡᠷᠢᠭ ᠴᠠᠭᠳᠠᠭᠠᠨ ᠤ ᠠᠩᠭᠢ ᠶᠢᠨ ᠳᠠᠷᠤᠭ᠎ᠠ ᠪᠠᠶᠢᠯᠳᠤᠭᠴᠢᠳ ᠤᠨ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ᠂ ᠰᠢᠯᠢ ᠶᠢᠨ ᠭᠤᠤᠯ ᠠᠶᠢᠮᠠᠭ ᠤᠨ ᠬᠥᠬᠢᠭᠦᠯᠦᠯ ᠢ ᠬᠦᠷᠲᠡᠭᠰᠡᠨ ᠲᠡᠷᠢᠭᠦᠨ ᠤ ᠲᠥᠯᠥᠭᠡᠯᠡᠭᠴᠢ᠂ ᠡᠯ᠎ᠡ ᠦᠨᠳᠦᠰᠦᠲᠡᠨ ᠡᠯ᠎ᠡ ᠡᠲᠡᠭᠡᠳ ᠤᠨ ᠣᠯᠠᠨ ᠲᠦᠮᠡᠨ ᠤ ᠲᠥᠯᠥᠭᠡᠯᠡᠭᠴᠢ ᠵᠡᠷᠭᠡ 300 ᠭᠠᠷᠤᠶ ᠬᠥᠮᠦᠨ ᠤᠯᠤᠰ ᠤᠨ ᠲᠤᠭ ᠮᠠᠨᠳᠤᠭᠤᠯᠬᠤ ᠶᠣᠰᠣᠯᠠᠯ ᠳᠤ ᠣᠷᠣᠯᠴᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号