ᠬᠤᠲᠠ ᠶᠢᠨ ᠭᠡᠷᠡᠯᠳᠦᠠᠣᠳᠦ ᠰᠣᠮᠣᠨ ᠤ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/10/8
        9 ᠰᠠᠷ᠎ᠠ ᠶᠢᠨ 29 ᠤ ᠡᠳᠦᠷ᠂ ᠬᠤᠲᠠ ᠶᠢᠨ ᠭᠡᠷᠡᠯᠳᠦᠠᠣᠳᠦ ᠰᠣᠮᠣᠨ ᠤ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯ ᠬᠤᠷᠠᠯᠳᠤᠪᠠ᠃     ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 48 ᠬᠥᠮᠦᠨ᠂ ᠪᠣᠳᠠᠲᠠᠢ ᠣᠷᠣᠯᠴᠠᠭᠰᠠᠨ ᠨᠢ 42 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃    ᠬᠤᠷᠠᠯ ᠠᠴᠠ ︽ᠭᠡᠷᠡᠯᠳᠦᠠᠣᠳᠦ ᠰᠣᠮᠣᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ︾᠂ ︽ᠬᠡᠷᠡᠯᠳᠦᠠᠣᠳᠦ ᠰᠣᠮᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠠᠵᠢᠯ ᠤᠨ ᠮᠡᠳᠡᠭᠦᠯᠦᠯᠲᠡ︾ ᠶᠢ ᠰᠣᠨᠣᠰᠤᠭᠰᠠᠨ ᠪᠥᠭᠡᠳ ᠬᠢᠨᠠᠨ ᠵᠥᠪᠯᠡᠵᠦ ᠪᠠᠲᠤᠯᠠᠪᠠ᠃    ᠬᠤᠷᠠᠯ ᠠᠴᠠ ᠵᠢᠭᠠᠵᠤ ᠭᠠᠷᠭᠠᠭᠰᠠᠨ ᠨᠢ᠂ ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠭᠡᠷᠡᠯᠳᠦᠠᠣᠳᠦ ᠰᠣᠮᠣᠨ  ᠤ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 0.05 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.9% ᠪᠠᠷ ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 5968 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.1% ᠪᠠᠷ ᠨᠡᠮᠡᠭᠳᠡᠨ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠰᠠᠶᠢᠨ ᠰᠠᠶᠢᠬᠠᠨ ᠪᠠᠶᠢᠳᠠᠯ ᠢᠯᠡᠷᠡᠵᠦ᠂ ᠡᠯ᠎ᠡ ᠵᠦᠢᠯ ᠤᠨ ᠠᠵᠢᠯ ᠴᠥᠮ ᠢᠯᠡᠳᠲᠡ ᠦᠷ᠎ᠡ ᠪᠦᠲᠦᠮᠵᠢ ᠤᠯᠪᠠ᠃     ᠬᠤᠷᠠᠯ ᠠᠴᠠ ᠴᠢᠬᠤᠯᠠᠴᠢᠯᠠᠭᠰᠠᠨ ᠨᠢ᠂ ᠬᠤᠶᠢᠰᠢᠳᠠ᠂ ᠬᠡᠷᠡᠯᠳᠦᠠᠣᠳᠦ ᠰᠣᠮᠣᠨ ᠤ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠳᠤᠮᠳᠠᠳᠤ ᠰᠤᠷᠭᠠᠭᠤᠯᠢ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠠ ᠲᠥᠪ ᠬᠤᠷᠢᠶ᠎ᠠ᠂ ᠪᠥᠬᠦ ᠣᠷᠣᠨ᠂ ᠪᠥᠬᠦ ᠠᠶᠢᠮᠠᠭ᠂ ᠪᠥᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠶᠡᠭᠡ ᠶᠠᠪᠤᠳᠠᠯ︾ ᠢ ᠴᠢᠩᠭ᠎ᠠ ᠠᠳᠬᠤᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠶ︔ ᠠᠭᠤᠰᠤᠯᠴᠠᠨ ᠬᠥᠭᠵᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠢ︔ ᠠᠮᠤᠷ ᠲᠦᠪᠰᠢᠨ ᠢᠶᠠᠷ ᠦᠨᠳᠦᠰᠦ ᠪᠣᠯᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠦᠨ᠎ᠡ︔ ᠨᠡᠶᠢᠭᠡᠮ ᠤᠨ ᠪᠠᠲᠤᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠰᠠᠶᠢᠵᠢᠷᠠᠭᠤᠯᠤᠨ᠎ᠠ︔ ᠲᠣᠰ ᠪᠡᠶ᠎ᠡ ᠶᠢᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠡᠳᠬᠢᠯ ᠬᠠᠨᠤᠮᠵᠢᠲᠠᠶ ᠵᠠᠰᠠᠭ ᠤᠨ ᠣᠷᠳᠣᠨ ᠢ ᠪᠠᠶᠢᠭᠤᠯᠤᠨ᠎ᠠ︔ ᠰᠣᠮᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠠᠵᠤ ᠦᠢᠯᠡᠰ ᠬᠥᠭᠵᠢᠭᠰᠡᠨ᠂ ᠠᠮᠢ ᠠᠬᠤᠶ ᠣᠷᠣᠰᠢᠨ ᠰᠠᠭᠤᠬᠤ ᠳᠤ ᠲᠣᠬᠢᠷᠠᠮᠵᠢᠲᠠᠶ᠂ ᠨᠤᠲᠤᠭ ᠤᠨ ᠰᠤᠷᠲᠠᠯ ᠪᠣᠯᠪᠠᠰᠤᠨ᠂ ᠵᠠᠰᠠᠯᠲᠠ ᠪᠦᠲᠦᠮᠵᠢᠲᠡᠶ᠂ ᠠᠮᠢᠳᠤᠷᠠᠯ ᠪᠠᠶᠠᠨ ᠴᠢᠨᠡᠭᠡᠯᠢᠭ ᠬᠠᠷᠠᠯᠲᠠ ᠲᠡᠰᠢ ᠯᠠᠪᠳᠠᠭᠤᠨ ᠢᠶᠠᠷ ᠤᠷᠤᠭᠰᠢᠯᠠᠵᠤ᠂ ᠣᠳᠣᠬᠢᠴᠢᠯᠠᠯᠲᠠ ᠶᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠠᠶᠢᠨ ᠰᠠᠶᠢᠬᠠᠨ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号