ᠬᠤᠲᠠ ᠶᠢᠨ ᠤᠳᠤᠷᠢᠳᠤᠯᠭ᠎ᠠ ᠤᠯᠤᠰ ᠤᠨ ᠪᠠᠶᠠᠷ ᠠᠴᠠ ᠡᠮᠦᠨ᠎ᠡ ᠪᠣᠯᠭᠤᠭᠠᠨ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/10/8
     ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ 75 ᠵᠢᠯ ᠤᠨ ᠣᠢ ᠬᠦᠷᠴᠦ ᠢᠷᠡᠬᠦ ᠲᠠᠰᠢᠷᠠᠮ ᠢᠶᠠᠷ᠂ ᠬᠤᠲᠠ ᠶᠢᠨ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠲᠤᠰ ᠲᠤᠰ ᠠᠬᠠᠮᠠᠳ ᠨᠥᠬᠦᠳ᠂ ᠠᠬᠠᠮᠠᠳ ᠨᠠᠮ ᠤᠨ ᠭᠡᠰᠢᠭᠦᠨ᠂ ᠠᠬᠠᠮᠠᠳ ᠺᠠᠳ᠋ᠷ᠂ ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ᠂ ᠵᠡᠮᠳᠡᠭ ᠴᠡᠷᠢᠭ᠂ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠨᠠᠮ ᠤᠨ ᠭᠡᠰᠢᠭᠦᠨ ᠺᠠᠳ᠋ᠷ ᠤᠨ ᠭᠡᠷ ᠪᠦᠯᠢ᠂ ᠭᠠᠪᠢᠶ᠎ᠠ ᠢᠷᠠᠭᠤ ᠠᠯᠳᠠᠷ ᠢ ᠬᠥᠬᠢᠭᠦᠯᠦᠨ ᠱᠠᠩᠨᠠᠬᠤ ᠵᠢᠴᠢ ᠴᠠᠭ ᠦᠶ᠎ᠡ ᠶᠢᠨ ᠵᠢᠱᠢᠶᠡᠴᠢ᠂ ᠤᠮᠠᠷᠠᠲᠤ ᠬᠢᠯᠢ ᠶᠢᠨ ᠵᠢᠱᠢᠶᠡᠴᠢ᠂ ᠶᠣᠰᠣ ᠰᠤᠷᠲᠠᠬᠤᠨ ᠤ ᠵᠢᠱᠢᠶᠡᠴᠢ᠂ ᠴᠡᠷᠢᠭ ᠠᠴᠠ ᠬᠠᠯᠠᠭᠳᠠᠭᠰᠠᠳ ᠤᠨ ᠵᠢᠱᠢᠶᠡᠴᠢ ᠵᠡᠷᠭᠡ ᠶᠢ ᠪᠣᠯᠭᠤᠭᠠᠨ ᠲᠣᠬᠤᠨᠢᠭᠤᠯᠵᠤ᠂ ᠲᠡᠳᠡᠨ ᠤ ᠤᠷᠳᠤ ᠬᠤᠭᠤᠴᠠᠭᠠᠨ ᠤ ᠲᠤᠷᠰᠢ ᠪᠣᠭᠤᠮᠲᠠ ᠶᠢᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠯ᠎ᠡ ᠵᠦᠢᠯ ᠤᠨ ᠦᠢᠯᠡᠰ ᠲᠤ ᠦᠵᠡᠭᠦᠯᠦᠭᠰᠡᠨ ᠲᠤᠪᠤᠶᠢᠮ᠎ᠠ ᠬᠤᠪᠢ ᠨᠡᠮᠡᠷᠢ ᠳᠤ ᠲᠠᠯᠠᠷᠬᠠᠵᠤ᠂ ᠲᠡᠳᠡᠨ ᠳᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃      ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠰᠠᠨ ᠱᠢ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠰᠢᠤᠸᠠᠢ ᠯᠢ ᠶᠢ ᠪᠣᠯᠭᠤᠭᠠᠨ ᠲᠣᠬᠤᠨᠢᠭᠤᠯᠵᠤ᠂ ᠨᠠᠮ ᠤᠨ ᠬᠠᠶᠢᠷ᠎ᠠ ᠬᠠᠯᠠᠮᠵᠢ ᠶᠢ ᠬᠦᠷᠭᠡᠭᠰᠡᠨ ᠪᠥᠭᠡᠳ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠡᠮᠦᠨ᠎ᠡ ᠠᠴᠠ ᠪᠥᠬᠦ ᠬᠤᠲᠠ ᠶᠢᠨ ᠥᠷᠭᠡᠨ ᠣᠯᠠᠨ ᠠᠬᠠᠮᠠᠳ ᠺᠠᠳ᠋ᠷ᠂ ᠠᠬᠠᠮᠠᠳ ᠨᠠᠮ ᠤᠨ ᠭᠡᠰᠢᠭᠦᠳ ᠲᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃      ᠡᠨᠡ ᠵᠢᠯ 95 ᠨᠠᠰᠤᠲᠠᠶ ᠰᠢᠤᠸᠠᠢ ᠯᠢ ᠴᠡᠷᠢᠭ ᠠᠴᠠ ᠪᠠᠭᠤᠭᠰᠠᠨ ᠤ ᠳᠠᠷᠠᠭ᠎ᠠ ᠬᠤᠲᠠ ᠶᠢᠨ ᠳᠤᠮᠳᠠᠳᠤ ᠰᠤᠷᠭᠠᠭᠤᠯᠢ᠂ ᠲᠦᠭᠡᠭᠡᠯ ᠤᠰᠤᠨ ᠤ ᠺᠣᠮᠫᠠᠨᠢ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠳᠤ ᠠᠵᠢᠯᠯᠠᠵᠤ ᠥᠩᠭᠡᠷᠡᠵᠡᠶ᠃ ᠸᠠᠩ ᠰᠠᠨ ᠱᠢ ᠨᠠᠰᠤᠲᠠᠨ ᠤ ᠭᠠᠷ ᠢ ᠠᠳᠬᠤᠵᠤ᠂ ᠲᠡᠭᠦᠨ ᠲᠠᠢ ᠳᠣᠲᠣᠨᠣᠰᠤᠭ ᠢᠶᠠᠷ ᠶᠠᠷᠢᠯᠴᠠᠵᠤ᠂ ᠳᠣᠲᠣᠨᠣ ᠪᠠᠷ ᠶᠠᠷᠢᠯᠴᠠᠵᠤ᠂ ᠨᠠᠰᠤᠲᠠᠨ ᠤ ᠪᠡᠶ᠎ᠡ ᠶᠢᠨ ᠪᠠᠶᠢᠳᠠᠯ ᠪᠣᠯᠤᠨ ᠠᠮᠢᠳᠤᠷᠠᠯ ᠤᠨ ᠪᠠᠶᠢᠳᠠᠯ ᠢ ᠨᠠᠷᠢᠨ ᠠᠰᠠᠭᠤᠵᠤ᠂ ᠠᠬᠠᠮᠠᠳ ᠨᠥᠬᠦᠳ ᠤᠨ ᠬᠤᠳᠠ ᠶᠢᠨ ᠬᠥᠭᠵᠢᠯᠲᠡ ᠶᠢ ᠠᠬᠢᠭᠤᠯᠬᠤ᠂ ᠠᠷᠠᠳ ᠲᠦᠮᠡᠨ ᠤ ᠪᠤᠶᠠᠨ ᠵᠢᠷᠭᠠᠯ ᠢ ᠨᠡᠮᠡᠭᠳᠡᠭᠦᠯᠬᠦ ᠳᠤ ᠲᠤᠪᠤᠶᠢᠮ᠎ᠠ ᠬᠤᠪᠢ ᠨᠡᠮᠡᠷᠢ ᠦᠵᠡᠭᠦᠯᠵᠦ᠂ ᠪᠠᠲᠤ ᠪᠠᠬᠢ ᠰᠠᠭᠤᠷᠢ ᠶᠢ ᠲᠠᠯᠪᠢᠵᠤ ᠥᠭᠭᠦᠭᠰᠡᠨ ᠳᠤ ᠲᠠᠯᠠᠷᠬᠠᠵᠤ ᠪᠠᠶᠢᠨ᠎ᠠ᠃      ᠸᠠᠩ ᠰᠠᠨ ᠱᠢ᠂ ᠠᠬᠠᠮᠠᠳ ᠨᠥᠬᠦᠳ᠂ ᠠᠬᠠᠮᠠᠳ ᠨᠠᠮ ᠤᠨ ᠭᠡᠰᠢᠭᠦᠨ ᠪᠣᠯ ᠪᠢᠳᠡᠨ ᠤ ᠰᠤᠷᠤᠯᠴᠠᠬᠤ ᠦᠯᠢᠭᠡᠷ ᠳᠠᠭᠤᠷᠢᠶᠠᠯ ᠮᠥᠨ᠂ ᠥᠩᠭᠡᠷᠡᠭᠰᠡᠨ ᠲᠠᠢ ᠪᠠᠨ ᠠᠳᠠᠯᠢ ᠪᠠᠷ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠢ ᠬᠠᠯᠠᠮᠵᠢᠯᠠᠨ ᠳᠡᠮᠵᠢᠬᠦ ᠶᠢ ᠬᠦᠰᠡᠵᠦ ᠪᠠᠶᠢᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠠᠬᠠᠮᠠᠳ ᠺᠠᠳ᠋ᠷ᠂ ᠠᠬᠠᠮᠠᠳ ᠨᠠᠮ ᠤᠨ ᠭᠡᠰᠢᠭᠦᠨ ᠳᠤ ᠪᠣᠳᠠᠲᠠᠢ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠨᠡᠩ ᠰᠠᠶᠢᠨ ᠦᠢᠯᠡᠴᠢᠯᠡᠭᠡᠨ ᠤ ᠪᠠᠲᠤᠯᠠᠭ᠎ᠠ ᠬᠠᠩᠭᠠᠵᠤ᠂ ᠤᠯᠤᠰ ᠲᠦᠷᠦ ᠶᠢᠨ ᠲᠠᠯ᠎ᠠ ᠪᠠᠷ ᠬᠦᠨᠳᠦᠳᠬᠡᠬᠦ᠂ ᠦᠵᠡᠯ ᠰᠠᠨᠠᠭᠠᠨ ᠤ ᠲᠠᠯ᠎ᠠ ᠪᠠᠷ ᠬᠠᠯᠠᠮᠵᠢᠯᠠᠬᠤ᠂ ᠠᠮᠢᠳᠤᠷᠠᠯ ᠤᠨ ᠲᠠᠯ᠎ᠠ ᠪᠠᠷ ᠬᠠᠷᠠᠭᠠᠯᠵᠠᠬᠤ᠂ ᠤᠶᠤᠨ ᠰᠠᠨᠠᠭᠠᠨ ᠤ ᠲᠠᠯ᠎ᠠ ᠪᠠᠷ ᠬᠠᠯᠠᠮᠵᠢᠯᠠᠬᠤ ᠶᠢ ᠦᠨᠡᠨ ᠬᠦ ᠪᠡᠶᠡᠯᠡᠭᠦᠯᠵᠦ᠂ ᠲᠡᠳᠡᠨ ᠳᠤ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠨᠡᠩ ᠰᠠᠶᠢᠨ ᠡᠳ᠋ᠯᠡᠭᠦᠯᠵᠦ᠂ ᠠᠮᠢᠳᠤᠷᠠᠯ ᠢ ᠨᠡᠩ ᠰᠠᠶᠢᠨ ᠵᠣᠯ ᠵᠢᠷᠭᠠᠯ ᠲᠠᠢ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠲᠣᠬᠤᠨᠢᠭᠤᠯᠬᠤ ᠶᠠᠪᠤᠴᠠ ᠳᠤ᠂ ᠬᠤᠲᠠ ᠶᠢᠨ ᠤᠳᠤᠷᠢᠳᠤᠯᠭ᠎ᠠ ᠲᠡᠳᠡᠨ ᠲᠠᠢ ᠵᠣᠭᠤᠭᠳᠠᠵᠤ᠂ ᠬᠤᠪᠢᠷᠠᠯᠲᠠ ᠶᠢ ᠶᠠᠷᠢᠯᠴᠠᠨ᠂ ᠬᠥᠭᠵᠢᠯᠲᠡ ᠶᠢ ᠶᠠᠷᠢᠯᠴᠠᠵᠤ᠂ ᠲᠡᠳᠡᠨ ᠤ ᠪᠡᠶ᠎ᠡ ᠶᠢᠨ ᠪᠠᠶᠢᠳᠠᠯ ᠪᠠ ᠠᠮᠢᠳᠤᠷᠠᠯ ᠤᠨ ᠪᠠᠶᠢᠳᠠᠯ ᠢ ᠬᠠᠯᠠᠮᠵᠢᠯᠠᠨ ᠠᠰᠠᠭᠤᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠳᠤ ᠦᠢᠯᠡᠴᠢᠯᠡᠭᠡᠨ ᠤ ᠠᠵᠢᠯ ᠢ ᠰᠡᠳᠬᠢᠯ ᠳᠡᠯᠪᠢᠨ ᠨᠠᠷᠢᠨ ᠪᠣᠳᠠᠲᠠᠶ ᠬᠢᠵᠦ᠂ ᠲᠡᠳᠡᠨ ᠳᠤ ᠢᠯᠡᠭᠦᠬᠡᠨ ᠰᠠᠶᠢᠨ ᠶᠠᠪᠤᠳᠠᠯ ᠬᠢᠵᠦ᠂ ᠪᠣᠳᠠᠲᠠᠶ ᠶᠠᠪᠤᠳᠠᠯ ᠬᠢᠵᠦ᠂ ᠬᠦᠴᠢᠷ ᠶᠠᠪᠤᠳᠠᠯ ᠢ ᠨᠢ ᠰᠢᠢᠳᠪᠦᠷᠢᠯᠡᠵᠦ᠂ ᠡᠯ᠎ᠡ ᠵᠦᠢᠯ ᠤᠨ ᠬᠠᠯᠠᠮᠵᠢᠯᠠᠯ ᠢ ᠪᠣᠳᠠᠲᠠᠶ ᠳᠤ ᠨᠠᠶᠢᠳᠠᠪᠤᠷᠢᠵᠢᠭᠤᠯᠵᠤ᠂ ᠲᠡᠳᠡᠨ ᠳᠤ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠵᠦ᠂ ᠵᠣᠯ ᠵᠢᠷᠭᠠᠯ ᠲᠠᠢ ᠥᠲᠡᠯᠦᠭᠡ ᠨᠠᠰᠤ ᠶᠢ ᠨᠢ ᠡᠳ᠋ᠯᠡᠭᠦᠯᠬᠦ ᠬᠡᠷᠡᠭᠲᠡᠶ ᠭᠡᠵᠦ ᠵᠠᠬᠢᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号