【 ᠲᠠᠪᠤᠨ ᠶᠡᠭᠡ ᠡᠭᠦᠷᠭᠡ ᠶᠢᠨ ᠠᠮᠵᠢᠯᠲᠠ ᠤᠯᠬᠤ ᠶᠢ ᠠᠬᠢᠭᠤᠯᠤᠨ᠎ᠠ 】 ᠡᠷᠢᠶᠡᠨ ᠪᠣᠭᠤᠮᠲᠠ ᠶᠢᠨ ︽ᠬᠢᠯᠢ ᠶᠢᠨ ᠪᠠᠶᠢᠴᠠᠭᠠᠯᠲᠠ ᠨᠡᠪᠳᠡᠷᠡᠯᠴᠡᠬᠦ︾ ᠳᠠᠩᠰᠠᠯᠠᠯ ᠤᠨ ᠤᠷᠢᠳᠴᠢᠯᠠᠨ ᠪᠣᠯᠵᠣᠬᠤ ᠦᠢᠯᠡᠴᠢᠯᠡᠭᠡᠨ ᠤ ᠲᠠᠪᠴᠠᠩ ᠲᠤᠷᠰᠢᠨ ᠠᠵᠢᠯᠯᠠᠭᠤᠯᠵᠤ ᠪᠣᠭᠤᠮᠲᠠ ᠶᠢᠨ ᠪᠣᠭᠤᠮᠲᠠ ᠪᠠᠷ ᠥᠩᠭᠡᠷᠡᠬᠦ ᠶᠢ ᠳᠠᠬᠢᠨᠲᠠ ᠲᠦᠷᠭᠡᠳᠬᠡᠪᠡ
ᠨᠡᠶᠢᠲᠡᠯᠡᠭᠰᠡᠨ ᠴᠠᠭ᠄
2024/11/1
     10 ᠳ᠋ᠤᠭᠠᠷ ᠰᠠᠷ᠎ᠠ ᠶᠢᠨ 31 ᠤ ᠡᠳᠦᠷ᠂ ᠡᠷᠢᠶᠡᠨ ᠬᠤᠲᠠ ᠶᠢᠨ ᠬᠢᠯᠢ ᠪᠠᠷ ᠨᠡᠪᠳᠡᠷᠡᠬᠦ ᠬᠢᠯᠢ ᠶᠢᠨ ᠬᠠᠮᠠᠭᠠᠯᠠᠯᠲᠠ ᠶᠢᠨ ᠰᠢᠯᠭᠠᠨ ᠪᠠᠶᠢᠴᠠᠭᠠᠬᠤ ᠥᠷᠲᠡᠭᠡ ᠠᠴᠠ ᠵᠢᠷᠤᠵᠤ ᠲᠥᠯᠥᠪᠯᠡᠨ ᠰᠤᠳᠤᠯᠤᠨ ᠨᠡᠭᠡᠭᠡᠭᠰᠡᠨ ︽ᠬᠢᠯᠢ ᠶᠢᠨ ᠪᠠᠶᠢᠴᠠᠭᠠᠯᠲᠠ ᠨᠡᠪᠲᠡᠷᠡᠯᠴᠡᠭᠡ︾ ᠶᠢᠨ ᠳᠠᠩᠰᠠᠯᠠᠭᠤᠯᠤᠨ ᠪᠣᠯᠵᠣᠬᠤ ᠦᠢᠯᠡᠴᠢᠯᠡᠭᠡᠨ ᠤ ᠲᠠᠪᠴᠠᠩ ᠲᠤᠷᠰᠢᠨ ᠠᠵᠢᠯᠯᠠᠭᠤᠯᠪᠠ᠃      ᠳᠠᠩᠰᠠᠯᠠᠭᠤᠯᠵᠤ ᠪᠣᠯᠵᠣᠬᠤ ᠦᠢᠯᠡᠴᠢᠯᠡᠭᠡᠨ ᠤ ᠲᠠᠪᠴᠠᠩ ᠨᠢ ᠸᠢᠴᠠᠲ ᠤᠨ ᠵᠢᠵᠢᠭ ᠫᠷᠤᠭ᠍ᠷᠠᠮ᠂ ︽ᠮᠥᠩᠬᠡ ᠰᠤᠪᠠᠭ︾ APP᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠶᠢᠨ ᠰᠢᠰᠲ᠋ᠧᠮ ᠳᠤ ᠲᠦᠰᠢᠭᠯᠡᠨ᠂ ᠳᠠᠩᠰᠠᠯᠠᠭᠤᠯᠬᠤ᠂ ᠪᠣᠯᠵᠣᠬᠤ᠂ ᠭᠤᠶᠤᠴᠢᠯᠠᠨ ᠮᠡᠳᠡᠭᠦᠯᠬᠦ᠂ ᠬᠠᠮᠢᠶᠠᠷᠬᠤ᠂ ᠰᠠᠨᠠᠭᠤᠯᠬᠤ᠂ ᠵᠠᠷᠯᠠᠨ ᠨᠡᠶᠢᠲᠡᠯᠡᠬᠦ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠶ ᠦᠢᠯᠡᠴᠢᠯᠡᠭᠡᠨ ᠤ ᠬᠠᠮᠢᠶᠠᠷᠤᠯᠲᠠ ᠶᠢᠨ ᠲᠠᠪᠴᠠᠩ ᠢ ᠰᠢᠨ᠎ᠡ ᠪᠠᠷ ᠡᠭᠦᠳᠦᠨ ᠪᠠᠶᠢᠭᠤᠯᠤᠨ᠎ᠠ᠃ ᠲᠠᠪᠴᠠᠩ ᠨᠢ ︽ᠪᠣᠭᠤᠮᠲᠠ ᠶᠢᠨ ᠬᠢᠵᠠᠭᠠᠷᠯᠠᠭᠰᠠᠨ ᠣᠷᠣᠨ ᠪᠦᠰᠡ ᠶᠢᠨ ᠭᠤᠶᠤᠴᠢᠯᠠᠯ︾᠂ ︽ᠬᠢᠯᠢ ᠠᠯᠤᠰᠯᠠᠭᠰᠠᠨ ᠵᠢᠭᠤᠯᠴᠢᠯᠠᠯ ᠤᠨ ᠲᠤᠬᠠᠶᠢᠯᠠᠭᠰᠠᠨ ᠠᠵᠢᠯ ᠤᠨ ᠮᠡᠳᠡᠭᠦᠯᠦᠯᠳᠡ︾᠂ ︽ᠪᠠᠷᠠᠭᠠᠨ ᠤ ᠲᠡᠭᠡᠭᠡᠪᠦᠷᠢ ᠶᠢᠨ ᠲᠤᠬᠠᠶᠢᠯᠠᠭᠰᠠᠨ ᠠᠵᠢᠯ ᠤᠨ ᠮᠡᠳᠡᠭᠦᠯᠦᠯᠳᠡ︾᠂ ︽ᠬᠢᠯᠢ ᠶᠢᠨ ᠪᠠᠶᠢᠴᠠᠭᠠᠯᠲᠠ ᠶᠢᠨ ᠠᠯᠪᠠᠨ ᠵᠠᠷ ᠤᠨ ᠯᠠᠪᠯᠠᠯᠭ᠎ᠠ︾ ᠵᠡᠷᠭᠡ ᠳᠥᠷᠪᠡᠨ ᠶᠡᠭᠡ ᠬᠡᠷᠡᠭᠯᠡᠭᠡᠨ ᠤ ᠬᠡᠰᠡᠭ ᠢ ᠭᠠᠷᠭᠠᠪᠠ᠃ ᠡᠭᠦᠨ ᠳᠤ ︽ᠪᠣᠭᠤᠮᠲᠠ ᠶᠢᠨ ᠬᠢᠵᠠᠭᠠᠷᠯᠠᠭᠰᠠᠨ ᠣᠷᠣᠨ ᠪᠦᠰᠡ ᠳᠤ ᠣᠷᠣᠬᠤ ᠭᠤᠶᠤᠴᠢᠯᠠᠯ ᠢ ᠰᠦᠯᠵᠢᠶᠡᠨ ᠳᠡᠭᠡᠷ᠎ᠡ ᠭᠥᠯᠢᠶᠡᠨ ᠠᠪᠴᠤ ᠰᠢᠢᠳᠪᠦᠷᠢᠯᠡᠬᠦ᠂ ᠬᠢᠨᠠᠨ ᠵᠥᠪᠰᠢᠶᠡᠷᠡᠬᠦ᠂ ᠭᠠᠷ ᠤᠨ ᠥᠰᠥᠭ ᠵᠢᠷᠤᠬᠤ ᠶᠢ ᠬᠡᠷᠡᠭᠵᠢᠭᠦᠯᠵᠦ᠂ ᠦᠨᠡᠮᠯᠡᠯ ᠭᠦᠢᠴᠡᠳᠭᠡᠬᠦ ᠳᠤ ︽ᠥᠯᠥ ᠭᠦᠶᠦᠯᠭᠡᠬᠦ︾᠂ ︽ᠬᠦᠯᠢᠶᠡᠬᠦ ᠥᠬᠡᠶ︾ ︽ᠵᠠᠷᠤᠳᠠᠯ ᠥᠬᠡᠶ︾ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠪᠡᠶᠡᠯᠡᠭᠦᠯᠪᠡ︔ ︽ᠬᠢᠯᠢ ᠠᠯᠤᠰᠯᠠᠨ ᠵᠤᠭᠠᠴᠠᠬᠤ ᠲᠤᠬᠠᠶᠢᠯᠠᠭᠰᠠᠨ ᠠᠵᠢᠯ ᠢ ᠭᠤᠶᠤᠴᠢᠯᠠᠨ ᠮᠡᠳᠡᠭᠦᠯᠬᠦ︾ ︽ᠪᠠᠷᠠᠭᠠᠨ ᠤ ᠲᠡᠭᠡᠭᠡᠪᠦᠷᠢ ᠶᠢᠨ ᠲᠤᠬᠠᠶᠢᠯᠠᠭᠰᠠᠨ ᠠᠵᠢᠯ ᠢ ᠭᠤᠶᠤᠴᠢᠯᠠᠨ ᠮᠡᠳᠡᠭᠦᠯᠬᠦ︾ ᠵᠢᠭᠤᠯᠴᠢᠯᠠᠯ ᠤᠨ ᠪᠦᠯᠬᠦᠮ ᠳᠤᠭᠤᠶᠢᠯᠠᠩ᠂ ᠪᠠᠷᠠᠭᠠᠨ ᠤ ᠲᠡᠭᠡᠭᠡᠪᠦᠷᠢ ᠶᠢᠨ ᠵᠠᠮ ᠬᠠᠷᠢᠯᠴᠠᠭᠠᠨ ᠤ ᠪᠠᠭᠠᠵᠢ ᠶᠢᠨ ᠤᠷᠢᠳᠴᠢᠯᠠᠨ ᠮᠡᠳᠡᠭᠡᠯᠡᠬᠦ ᠮᠡᠳᠡᠭᠡ ᠵᠠᠩᠭᠢ ᠶᠢᠨ ᠬᠢᠵᠠᠭᠠᠷᠯᠠᠯ ᠢ ᠲᠦᠢᠯᠪᠤᠷᠢᠲᠠᠶ ᠰᠢᠢᠳᠪᠦᠷᠢᠯᠡᠬᠦ ᠶᠢᠨ ᠬᠠᠮᠲᠤ ︽ᠤᠷᠢᠳᠴᠢᠯᠠᠨ ᠮᠡᠳᠡᠭᠡᠯᠡᠵᠦ ᠤᠷᠢᠳᠴᠢᠯᠠᠨ ᠪᠠᠶᠢᠴᠠᠭᠠᠬᠤ᠂ ᠨᠠᠷᠢᠯᠢᠭ ᠣᠨᠣᠴᠠᠲᠠᠶ ᠪᠠᠷ ᠰᠠᠯᠭᠠᠬᠤ᠂ ᠲᠦᠷᠭᠡᠨ ᠨᠡᠪᠲᠡᠷᠡᠯᠴᠡᠬᠦ︾ ᠬᠢᠯᠢ ᠶᠢᠨ ᠪᠠᠶᠢᠴᠠᠭᠠᠯᠲᠠ ᠶᠢᠨ ᠦᠢᠯᠡᠴᠢᠯᠡᠭᠡᠨ ᠤ ᠠᠵᠢᠯ ᠤᠨ ᠵᠠᠭᠪᠤᠷ ᠢ ᠢᠵᠢ ᠪᠦᠷᠢᠳᠦᠭᠦᠯᠦᠨ ᠰᠤᠳᠤᠯᠤᠨ ᠬᠡᠷᠡᠭᠵᠢᠭᠦᠯᠵᠦ᠂ ᠦᠢᠯᠡᠴᠢᠯᠡᠬᠦ ᠡᠲᠡᠭᠡᠳ ᠲᠤ ︽ᠤᠷᠢᠳᠴᠢᠯᠠᠨ ᠮᠡᠳᠡᠭᠡᠯᠡᠬᠦ᠂ ᠤᠷᠢᠳᠴᠢᠯᠠᠨ ᠪᠣᠯᠵᠣᠵᠤ ᠪᠣᠭᠤᠮᠲᠠ ᠪᠠᠷ ᠥᠩᠭᠡᠷᠡᠭᠦᠯᠬᠦ︾ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠪᠥᠬᠦ ᠬᠦᠴᠦᠨ ᠢᠶᠠᠷ ᠢᠶᠠᠨ ᠬᠠᠩᠭᠠᠵᠤ᠂ ᠳᠥᠭᠦᠮ ᠳᠥᠲᠡ᠂ ᠴᠢᠨᠠᠷ ᠰᠠᠶᠢᠲᠠᠶ ᠪᠣᠭᠤᠮᠲᠠ ᠪᠠᠷ ᠥᠩᠭᠡᠷᠡᠬᠦ︾ ᠬᠦᠴᠦᠨ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠪᠡ᠃      ᠲᠤᠰ ᠡᠳᠦᠷ᠂ ᠮᠣᠩᠭᠤᠯ ᠤᠯᠤᠰ ᠪᠣᠯᠤᠨ ᠣᠷᠣᠰ ᠤᠨ 800 ᠵᠠᠯᠠᠭᠤᠴᠤᠳ ᠪᠠᠭᠠᠴᠤᠳ ᠢᠶᠠᠷ ᠪᠦᠷᠢᠯᠳᠦᠭᠰᠡᠨ ᠰᠤᠳᠤᠯᠤᠨ ᠰᠤᠷᠤᠯᠴᠠᠬᠤ ᠪᠦᠯᠬᠦᠮ ᠨᠢ ︽ᠬᠢᠯᠢ ᠶᠢᠨ ᠪᠠᠶᠢᠴᠠᠭᠠᠯᠲᠠ ᠬᠢᠵᠦ ᠨᠡᠪᠲᠡᠷᠡᠭᠦᠯᠬᠦ︾ ᠳᠠᠩᠰᠠᠯᠠᠭᠤᠯᠤᠨ ᠪᠣᠯᠵᠣᠬᠤ ᠦᠢᠯᠡᠴᠢᠯᠡᠭᠡᠨ ᠤ ᠲᠠᠪᠴᠠᠩ ᠳᠡᠭᠡᠷ᠎ᠡ ᠤᠷᠢᠳᠴᠢᠯᠠᠨ ᠪᠣᠯᠵᠣᠭᠰᠠᠨ ᠤ ᠳᠠᠷᠠᠭ᠎ᠠ᠂ ᠪᠣᠭᠤᠮᠲᠠ ᠪᠠᠷ ᠲᠦᠷᠭᠡᠨ ᠥᠩᠭᠡᠷᠡᠬᠦ ᠶᠢ ᠪᠡᠶᠡᠯᠡᠭᠦᠯᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号