ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 29 ᠤ ᠴᠠᠭᠢᠯᠭᠠᠨ ᠮᠡᠳᠡᠭᠡ ᠮᠤᠵᠢ ᠶᠠᠮᠤᠨ ᠤ | ᠲᠠᠰ ᠤᠨ ᠭᠤᠣᠯ ᠤᠳᠤᠷᠢᠳᠬᠤ ᠺᠠᠳ᠋ᠷᠴᠤᠳ ᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ | ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ | ᠰᠤᠳᠤᠯᠤᠨ ᠶᠠᠷᠢᠯᠴᠠᠬᠤ ᠠᠩᠭᠢ 29 ᠤ ᠦᠳᠡ ᠶᠢᠨ ᠡᠮᠦᠨ᠎ᠡ ᠲᠥᠪ ᠤᠨ ᠨᠠᠮ ᠤᠨ ᠰᠤᠷᠭᠠᠭᠤᠯᠢ ︵ᠤᠯᠤᠰ ᠤᠨ | ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠳᠤ ᠰᠤᠷᠤᠯᠭ᠎ᠠ ᠡᠬᠢᠯᠡᠪᠡ᠃ ᠲᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ ᠴᠢᠬᠤᠯᠠ ᠶᠠᠷᠢᠶ᠎ᠠ | ᠲᠠᠯᠪᠢᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ | ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠪᠦᠭᠦ ᠨᠠᠮ ᠪᠦᠭᠦ | ᠤᠯᠤᠰ ᠤᠨ ᠠᠷᠠᠳ ᠲᠦᠮᠡᠨ ᠢ ᠬᠥᠲᠥᠯᠥᠨ ᠵᠢᠯᠤᠭᠤᠳᠴᠤ ᠥᠭᠡᠷᠡᠴᠢᠯᠡᠯᠲᠡ ᠶᠢᠨ ᠢᠲᠡᠭᠡᠯ ᠵᠣᠷᠢᠭ ᠢ ᠨᠢ | ᠪᠠᠲᠤᠳᠬᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠥᠭᠡᠷᠡᠴᠢᠯᠡᠯᠲᠡ ᠶᠢᠨ ᠯᠠᠪᠳᠠᠭᠤᠨ ᠢᠶᠠᠷ ᠬᠤᠯᠠ | ᠠᠶᠠᠯᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | | | | | 10 ᠰᠠᠷ᠎ᠠ ᠶᠢᠨ 29 ᠤ ᠡᠳᠦᠷ᠂ ᠮᠤᠵᠢ ᠶᠠᠮᠤᠨ ᠤ ᠲᠠᠰ ᠤᠨ ᠭᠤᠣᠯ ᠤᠳᠤᠷᠢᠳᠬᠤ ᠺᠠᠳ᠋ᠷᠴᠤᠳ ᠤᠨ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠲᠥᠪ ᠤᠨ | ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠳᠤ ᠰᠤᠷᠤᠯᠭ᠎ᠠ ᠡᠬᠢᠯᠡᠪᠡ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ | ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠰᠤᠷᠤᠯᠭ᠎ᠠ ᠡᠬᠢᠯᠡᠬᠦ ᠶᠣᠰᠣᠯᠠᠯ | ᠳᠡᠭᠡᠷ᠎ᠡ ᠴᠢᠬᠤᠯᠠ ᠶᠠᠷᠢᠶ᠎ᠠ ᠲᠠᠯᠪᠢᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ | | ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ | ᠪᠠᠶᠢᠩᠭᠤ ᠶᠢᠨ ᠭᠡᠰᠢᠭᠦᠨ ᠯᠢ ᠴᠢᠶᠠᠩ ᠰᠤᠷᠤᠯᠭ᠎ᠠ ᠡᠬᠢᠯᠡᠬᠦ ᠶᠣᠰᠣᠯᠠᠯ ᠢ ᠡᠷᠭᠢᠯᠡᠵᠦ᠂ ᠲᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠵᠤᠤ ᠯᠧ | ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠤᠯᠤᠰ ᠤᠨ ᠳᠡᠳ᠋ ᠲᠡᠷᠢᠭᠦᠯᠡᠭᠴᠢ ᠬᠠᠨ | ᠵᠧᠩ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠵᠠᠢ᠃ | ᠰᠢ ᠶᠢᠨ ᠫᠢᠩ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ | ᠪᠦᠭᠦᠳᠡ ᠬᠤᠷᠠᠯ ᠠᠴᠠ ᠰᠢᠨ᠎ᠡ ᠴᠠᠭ ᠦᠶ᠎ᠡ ᠳᠤ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ | ᠥᠭᠡᠷᠡᠴᠢᠯᠡᠯᠲᠡ ᠶᠢ ᠰᠢᠰᠲ᠋ᠧᠮ ᠲᠠᠢ ᠪᠦᠬᠦᠯᠢ ᠴᠣᠭᠴᠠ ᠪᠠᠷ ᠠᠬᠢᠭᠤᠯᠬᠤ ᠰᠢᠨ᠎ᠡ ᠠᠶᠠᠨ ᠢ ᠡᠬᠢᠯᠡᠭᠦᠯᠵᠦ᠂ ᠮᠠᠨ ᠤ | ᠤᠯᠤᠰ ᠤᠨ ᠥᠭᠡᠷᠡᠴᠢᠯᠡᠯᠲᠡ ᠨᠡᠭᠡᠭᠡᠯᠲᠡ ᠶᠢᠨ ᠴᠣ ᠰᠢᠨ᠎ᠡ ᠪᠠᠶᠢᠳᠠᠯ ᠢ ᠡᠭᠦᠳᠴᠦ᠂ ᠴᠠᠭ ᠦᠶ᠎ᠡ ᠶᠢ ᠵᠠᠭᠠᠭᠯᠠᠭᠰᠠᠨ | ᠠᠴᠢ ᠬᠤᠯᠪᠣᠭᠳᠠᠯ ᠲᠠᠢ ᠶᠤᠮ᠃ ᠰᠢᠨ᠎ᠡ ᠴᠠᠭ ᠦᠶ᠎ᠡ ᠳᠤ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ | ᠠᠵᠢᠯ ᠴᠢᠬᠤᠯᠠ ᠶᠡᠭᠡ ᠦᠢᠯᠡᠳᠦᠯᠭᠡ ᠶᠢᠨ ᠦᠷ᠎ᠡ ᠪᠦᠲᠦᠭᠡᠯ᠂ ᠳᠦᠷᠢᠮ ᠤᠨ ᠦᠷ᠎ᠡ ᠪᠦᠲᠦᠭᠡᠯ᠂ ᠤᠨᠤᠯ ᠤᠨ ᠦᠷ᠎ᠡ | ᠪᠦᠲᠦᠭᠡᠯ ᠣᠯᠪᠠ᠂ ᠡᠨᠡ ᠪᠣᠯ ᠮᠠᠨ ᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠶᠢᠨ ᠲᠡᠦᠬᠡᠨ ᠶᠠᠪᠤᠴᠠ ᠳᠠᠬᠢ | ᠬᠠᠮᠤᠭ ᠤᠨ ᠢᠷᠠᠭᠤ ᠭᠠᠶᠢᠬᠠᠮᠰᠢᠭᠲᠤ ᠬᠠᠭᠤᠳᠠᠰᠤ ᠶᠢᠨ ᠨᠢᠭᠡ ᠪᠣᠯᠣᠨ᠎ᠠ᠂ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ | ᠪᠠᠶᠢᠭᠤᠯᠤᠨ ᠪᠦᠲᠦᠭᠡᠬᠦ᠂ ︽ᠬᠤᠶᠠᠷ ᠶᠡᠭᠡ ᠭᠠᠶᠢᠬᠠᠮᠰᠢᠭ︾ ᠢ ᠦᠷᠭᠦᠯᠵᠢᠯᠡᠨ ᠪᠢᠴᠢᠭᠯᠡᠬᠦ ᠳᠤ ᠬᠦᠴᠦᠷᠬᠡᠭ ᠶᠡᠭᠡ | ᠬᠥᠳᠡᠯᠭᠡᠬᠦ ᠬᠦᠴᠦᠨ ᠪᠠ ᠳᠦᠷᠢᠮ ᠤᠨ ᠪᠠᠲᠤᠯᠠᠭ᠎ᠠ ᠬᠠᠩᠭᠠᠭᠰᠠᠨ ᠪᠥᠭᠡᠳ ᠰᠢᠨ᠎ᠡ ᠠᠶᠠᠨ ᠳᠤ ᠥᠭᠡᠷᠡᠴᠢᠯᠡᠯᠲᠡ ᠶᠢ | ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠪᠠᠲᠤ ᠪᠠᠬᠢ ᠰᠠᠭᠤᠷᠢ ᠪᠠ ᠡᠷᠬᠢᠮ ᠨᠠᠨᠳᠢᠨ ᠲᠤᠷᠰᠢᠯᠭ᠎ᠠ ᠬᠠᠩᠭᠠᠭᠰᠠᠨ | ᠪᠠᠶᠢᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠪᠣᠯ ᠥᠭᠡᠷᠡᠴᠢᠯᠡᠯᠲᠡ ᠶᠢ ᠪᠦᠭᠦ | ᠲᠠᠯ᠎ᠠ ᠪᠠᠷ ᠭᠦᠨᠵᠡᠭᠡᠶᠢᠷᠡᠭᠦᠯᠬᠦ ᠳᠤ ᠡᠷᠬᠡᠪᠰᠢ ᠪᠠᠲᠤ ᠡᠵᠡᠮᠳᠡᠵᠦ᠂ ᠢᠮᠠᠭᠲᠠ ᠪᠠᠷᠢᠮᠲᠠᠯᠠᠬᠤ ᠴᠢᠬᠤᠯᠠ ᠶᠡᠭᠡ ᠵᠠᠷᠴᠢᠮ | ᠪᠣᠯᠣᠨ᠎ᠠ᠃ ᠮᠠᠨ ᠤ ᠬᠢᠵᠦ ᠪᠠᠶᠢᠭ᠎ᠠ ᠥᠭᠡᠷᠡᠴᠢᠯᠡᠯᠲᠡ ᠪᠣᠯ ᠴᠢᠭᠯᠡᠯ ᠲᠠᠢ᠂ ᠵᠠᠷᠴᠢᠮ ᠲᠠᠢ ᠶᠤᠮ᠃ ᠨᠠᠮ ᠤᠨ ᠪᠦᠭᠦ | ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ᠂ ᠮᠠᠷᠺᠰ ᠤᠨ ᠦᠵᠡᠯ ᠢ ᠪᠠᠷᠢᠮᠲᠠᠯᠠᠬᠤ᠂ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠢ ᠪᠠᠷᠢᠮᠲᠠᠯᠠᠬᠤ᠂ ᠠᠷᠠᠳ ᠤᠨ ᠠᠷᠠᠳᠴᠢᠯᠠᠭᠰᠠᠨ ᠳᠠᠷᠤᠩᠭᠤᠶᠢᠯᠠᠬᠤ ᠵᠠᠰᠠᠭ ᠢ | ᠪᠠᠷᠢᠮᠲᠠᠯᠠᠬᠤ ᠳᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠠᠬᠢᠭᠤᠯᠬᠤ᠂ ᠠᠷᠠᠳ ᠲᠦᠮᠡᠨ ᠤ ᠠᠵᠠ | ᠵᠢᠷᠭᠠᠯ ᠢ ᠨᠡᠮᠡᠭᠳᠡᠭᠦᠯᠬᠦ ᠪᠠᠷ ᠵᠣᠷᠢᠯᠲᠠ ᠪᠠ ᠲᠤᠰᠤᠯᠲᠠ ᠪᠤᠯᠭᠠᠬᠤ ᠬᠡᠷᠡᠭᠲᠡᠢ᠂ ᠡᠳᠡᠭᠡᠷ ᠪᠣᠯ ᠴᠥᠮ ᠦᠨᠳᠦᠰᠦᠨ | ᠵᠦᠢᠯ ᠳᠤ ᠬᠤᠯᠪᠣᠭᠳᠠᠬᠤ᠂ ᠴᠢᠭᠯᠡᠯ ᠳᠤ ᠬᠤᠯᠪᠣᠭᠳᠠᠬᠤ᠂ ᠠᠯᠤᠰ ᠢᠷᠡᠭᠡᠳᠦᠢ ᠳᠤ ᠬᠤᠯᠪᠣᠭᠳᠠᠬᠤ ᠵᠦᠢᠯ ᠮᠥᠨ᠂ | ᠨᠠᠮ ᠤᠨ ᠰᠢᠨᠵᠢ ᠴᠢᠨᠠᠷ ᠪᠠ ᠵᠣᠷᠢᠯᠲᠠ ᠶᠢ ᠢᠯᠡᠷᠡᠭᠦᠯᠬᠦ ᠨᠢ ᠮᠠᠨ ᠤ ᠤᠯᠤᠰ ᠤᠨ ᠤᠯᠤᠰ ᠤᠨ ᠪᠠᠶᠢᠳᠠᠯ ᠳᠤ ᠨᠡᠶᠢᠴᠡᠵᠦ | ᠂ ᠠᠷᠠᠳ ᠲᠦᠮᠡᠨ ᠤ ᠦᠨᠳᠦᠰᠦᠨ ᠠᠰᠢᠭ ᠲᠤᠰᠠ ᠳᠤ ᠨᠡᠶᠢᠴᠡᠵᠦ ᠪᠠᠶᠢᠳᠠᠭ᠂ ᠶᠠᠮᠠᠷᠪᠠ ᠴᠠᠭ ᠦᠶ᠎ᠡ ᠶᠠᠮᠠᠷᠪᠠ | ᠪᠠᠶᠢᠳᠠᠯ ᠳᠣᠣᠷ᠎ᠠ ᠴᠥᠮ ᠥᠴᠥᠬᠡᠨ ᠴᠦ ᠭᠤᠶᠢᠪᠢᠯᠵᠠᠵᠤ ᠪᠤᠯᠬᠤ ᠦᠭᠡᠢ᠃ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠪᠠᠶᠢᠭᠤᠯᠤᠯ ᠢ ᠦᠷᠭᠦᠯᠵᠢᠯᠡᠨ ᠲᠡᠭᠦᠯᠳᠡᠷᠵᠢᠭᠦᠯᠦᠨ ᠬᠥᠭᠵᠢᠭᠦᠯᠬᠦ᠂ ᠲᠦᠷᠦ ᠶᠢ ᠵᠠᠰᠠᠬᠤ | ᠰᠢᠰᠲ᠋ᠧᠮ ᠪᠣᠯᠣᠨ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠥᠭᠡᠷᠡᠴᠢᠯᠡᠯᠲᠡ ᠶᠢᠨ ᠶᠡᠷᠦᠩᠬᠡᠢ | ᠬᠠᠷᠠᠯᠲᠠ ᠶᠢ ᠪᠠᠷᠢᠮᠲᠠᠯᠠᠵᠤ᠂ ᠶᠡᠷᠦᠩᠬᠡᠢ ᠬᠠᠷᠠᠯᠲᠠ ᠶᠢᠨ ᠵᠢᠭᠠᠭᠰᠠᠨ ᠴᠢᠭᠯᠡᠯ ᠢᠶᠠᠷ ᠢᠮᠠᠭᠲᠠ ᠤᠷᠤᠭᠰᠢᠯᠠᠵᠤ᠂ | ᠥᠭᠡᠷᠡᠴᠢᠯᠡᠬᠦ ᠶᠣᠰᠣᠲᠠᠢ ᠶᠢ ᠨᠢ ᠡᠷᠡᠰ ᠥᠭᠡᠷᠡᠴᠢᠯᠡᠵᠦ᠂ ᠥᠭᠡᠷᠡᠴᠢᠯᠡᠪᠡᠯ ᠵᠣᠬᠢᠰ ᠦᠭᠡᠢ ᠶᠢ ᠨᠢ ᠥᠭᠡᠷᠡᠴᠢᠯᠡᠬᠦ | ᠦᠭᠡᠢ ᠪᠠᠶᠢᠬᠤ ᠬᠡᠷᠡᠭᠲᠡᠢ᠃ ᠴᠠᠭ ᠦᠶ᠎ᠡ ᠶᠢᠨ ᠬᠥᠭᠵᠢᠯᠲᠡ ᠶᠢᠨ ᠰᠢᠨ᠎ᠡ ᠬᠠᠨᠳᠤᠰᠢ᠂ ᠦᠢᠯᠡᠳᠦᠯᠭᠡ ᠶᠢᠨ | ᠬᠥᠭᠵᠢᠯᠲᠡ ᠶᠢᠨ ᠰᠢᠨ᠎ᠡ ᠱᠠᠭᠠᠷᠳᠠᠯᠭ᠎ᠠ᠂ ᠠᠷᠠᠳ ᠤᠯᠠᠨ ᠤ ᠰᠢᠨ᠎ᠡ ᠬᠦᠰᠡᠯ ᠡᠷᠡᠮᠡᠯᠵᠡᠯ ᠳᠤ ᠵᠣᠬᠢᠴᠠᠭᠤᠯᠤᠨ᠂ ᠠᠵᠤ | ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠭᠡᠬᠦ ᠡᠨᠡ ᠬᠦ ᠭᠤᠣᠯᠳᠠᠯᠭ᠎ᠠ ᠶᠢ ᠲᠤᠪᠤᠶᠢᠯᠭᠠᠵᠤ᠂ ᠡᠯ᠎ᠡ ᠲᠠᠯ᠎ᠠ ᠶᠢᠨ | ᠥᠭᠡᠷᠡᠴᠢᠯᠡᠯᠲᠡ ᠶᠢ ᠪᠦᠭᠦ ᠲᠠᠯ᠎ᠠ ᠪᠠᠷ ᠵᠣᠬᠢᠴᠠᠭᠤᠯᠤᠨ ᠠᠬᠢᠭᠤᠯᠵᠤ᠂ ᠤᠨᠤᠯ ᠤᠨ ᠰᠢᠨ᠎ᠡ ᠶᠢ ᠡᠭᠦᠳᠬᠦ᠂ | ᠦᠢᠯᠡᠳᠦᠯᠭᠡ ᠶᠢᠨ ᠰᠢᠨ᠎ᠡ ᠶᠢ ᠡᠭᠦᠳᠬᠦ᠂ ᠪᠠᠶᠢᠭᠤᠯᠤᠯ ᠤᠨ ᠰᠢᠨ᠎ᠡ ᠶᠢ ᠡᠭᠦᠳᠬᠦ᠂ ᠰᠣᠶᠣᠯ ᠤᠨ ᠰᠢᠨ᠎ᠡ ᠶᠢ ᠡᠭᠦᠳᠬᠦ | ᠵᠢᠴᠢ ᠪᠤᠰᠤᠳ ᠡᠯ᠎ᠡ ᠲᠠᠯ᠎ᠠ ᠶᠢᠨ ᠰᠢᠨ᠎ᠡ ᠶᠢ ᠡᠭᠦᠳᠬᠦ ᠶᠢ ᠶᠡᠭᠡ ᠪᠠᠷ ᠠᠬᠢᠭᠤᠯᠵᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠳᠤ ᠬᠦᠴᠦᠷᠬᠡᠭ ᠶᠡᠭᠡ ᠬᠥᠳᠡᠯᠭᠡᠭᠴᠢ ᠬᠦᠴᠦᠨ ᠪᠠ ᠪᠠᠶᠢᠭᠤᠯᠤᠯ ᠤᠨ ᠪᠠᠲᠤᠯᠠᠭ᠎ᠠ | ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠥᠭᠡᠷᠡᠴᠢᠯᠡᠯᠲᠡ ᠪᠣᠯ ᠨᠢᠭᠡ ᠵᠦᠢᠯ ᠤᠨ ᠰᠢᠰᠲ᠋ᠧᠮᠲᠦ ᠢᠨᠵᠧᠨᠧᠷᠢᠩ ᠮᠥᠨ᠂ ᠰᠢᠨᠵᠢᠯᠡᠬᠦ | ᠤᠬᠠᠭᠠᠨᠴᠢ ᠠᠷᠭ᠎ᠠ ᠶᠢ ᠡᠷᠬᠢᠮᠯᠡᠵᠦ᠂ ᠡᠯ᠎ᠡ ᠲᠠᠯ᠎ᠠ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠬᠦ ᠬᠡᠷᠡᠭᠲᠡᠢ᠃ | ᠥᠭᠡᠷᠡᠴᠢᠯᠡᠯᠲᠡ ᠪᠠ ᠬᠠᠤᠯᠢ ᠪᠠᠷ ᠵᠠᠰᠠᠬᠤ ᠶᠢ ᠨᠢᠭᠡᠳᠬᠡᠬᠦ ᠶᠢ ᠪᠠᠷᠢᠮᠲᠠᠯᠠᠵᠤ᠂ ᠥᠭᠡᠷᠡᠴᠢᠯᠡᠯᠲᠡ ᠶᠢᠨ ᠬᠦᠴᠦᠨ ᠢᠶᠠᠷ | ᠬᠠᠤᠯᠢ ᠪᠠᠷ ᠵᠠᠰᠠᠬᠤ ᠶᠢ ᠲᠡᠭᠦᠯᠳᠡᠷᠵᠢᠭᠦᠯᠵᠦ᠂ ᠬᠠᠤᠯᠢ ᠪᠠᠷ ᠵᠠᠰᠠᠬᠤ ᠬᠦᠷᠢᠶᠡᠨ ᠳᠠᠬᠢ ᠥᠭᠡᠷᠡᠴᠢᠯᠡᠯᠲᠡ ᠶᠢ ᠤᠯᠠᠮ | ᠨᠢᠭᠡ ᠠᠯᠬᠤᠮ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠤᠯᠢ ᠪᠠᠷ | ᠵᠠᠰᠠᠬᠤ ᠰᠢᠰᠲ᠋ᠧᠮ ᠢ ᠲᠠᠰᠤᠷᠠᠯᠳᠠ ᠦᠭᠡᠢ ᠲᠡᠭᠦᠯᠳᠡᠷᠵᠢᠭᠦᠯᠬᠦ ᠭᠡᠷᠡᠭᠲᠡᠢ︔ ᠥᠭᠡᠷᠡᠴᠢᠯᠡᠯᠲᠡ ᠶᠢᠨ ᠬᠠᠷᠰᠢ ᠰᠠᠭᠠᠳ ᠢ | ᠠᠷᠢᠯᠭᠠᠬᠤ᠂ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠬᠦ ᠳᠤᠮᠳᠠᠬᠢ ᠬᠠᠤᠯᠢ ᠪᠠᠷ ᠵᠠᠰᠠᠬᠤ ᠶᠢᠨ ᠢᠳᠡᠪᠬᠢ | ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ | ᠮᠠᠶ᠋ᠢᠭ ᠢ ᠴᠢᠳᠠᠮᠠᠭᠠᠢ ᠬᠡᠷᠡᠭᠯᠡᠨ ᠥᠭᠡᠷᠡᠴᠢᠯᠡᠯᠲᠡ ᠶᠢ ᠠᠬᠢᠭᠤᠯᠵᠤ᠂ ᠴᠢᠬᠤᠯᠠ ᠶᠡᠭᠡ ᠥᠭᠡᠷᠡᠴᠢᠯᠡᠯᠲᠡ ᠳᠤ | ᠬᠠᠤᠯᠢ ᠶᠢᠨ ᠦᠨᠳᠦᠰᠦᠯᠡᠯ ᠲᠠᠢ ᠪᠠᠶᠢᠬᠤ ᠶᠢ ᠪᠡᠶᠡᠯᠡᠭᠦᠯᠵᠦ᠂ ᠪᠦᠭᠦ ᠠᠷᠠᠳ ᠢᠷᠭᠡᠨ ᠪᠠ ᠬᠠᠤᠯᠢ ᠶᠢᠨ ᠡᠷᠬᠡᠲᠡᠨ ᠤ | ᠬᠠᠤᠯᠢ ᠶᠣᠰᠣᠨ ᠤ ᠡᠷᠬᠡ ᠠᠰᠢᠭ ᠢ ᠡᠷᠬᠡ ᠲᠡᠭᠰᠢ ᠪᠠᠷ ᠬᠠᠮᠠᠭᠠᠯᠠᠬᠤ ᠬᠡᠷᠡᠭᠲᠡᠢ᠃ ᠡᠪᠳᠡᠬᠦ ᠪᠠ ᠪᠠᠶᠢᠭᠤᠯᠬᠤ ᠶᠢᠨ | ᠬᠤᠪᠢᠰᠤᠩᠭᠤᠢ ᠨᠢᠭᠡᠳᠦᠯ ᠢ ᠪᠠᠷᠢᠮᠲᠠᠯᠠᠵᠤ᠂ ᠡᠪᠳᠡᠬᠦ ᠪᠠ ᠪᠠᠶᠢᠭᠤᠯᠬᠤ ᠶᠢ ᠵᠡᠷᠭᠡ ᠪᠠᠷ ᠠᠳᠬᠤᠵᠤ᠂ ᠤᠷᠢᠳ ᠢᠶᠠᠷ | ᠰᠢᠨ᠎ᠡ ᠶᠢ ᠪᠠᠶᠢᠭᠤᠯᠵᠤ ᠳᠠᠷᠠᠭ᠎ᠠ ᠨᠢ ᠬᠠᠭᠤᠴᠢᠨ ᠢ ᠡᠪᠳᠡᠵᠦ᠂ ᠪᠠᠶᠢᠭᠤᠯᠬᠤ ᠶᠣᠰᠣᠲᠠᠢ ᠶᠢ ᠨᠢ ᠢᠳᠡᠪᠬᠢᠲᠡᠢ | ᠰᠠᠨᠠᠭᠠᠴᠢᠯᠠᠭ᠎ᠠ ᠠᠴᠠ ᠪᠠᠨ ᠪᠠᠶᠢᠭᠤᠯᠵᠤ᠂ ᠡᠪᠳᠡᠬᠦ ᠶᠣᠰᠣᠲᠠᠢ ᠶᠢ ᠨᠢ ᠪᠠᠶᠢᠭᠤᠯᠤᠭᠰᠠᠨ ᠰᠠᠭᠤᠷᠢᠨ ᠳᠡᠭᠡᠷ᠎ᠡ ᠴᠠᠭ | ᠲᠤᠬᠠᠢ ᠳᠤᠨᠢ ᠡᠪᠳᠡᠵᠦ᠂ ᠡᠪᠳᠡᠬᠦ ᠪᠠ ᠪᠠᠶᠢᠭᠤᠯᠬᠤ ᠶᠢ ᠨᠢᠭᠡᠳᠬᠡᠬᠦ ᠳᠤᠮᠳᠠ ᠥᠭᠡᠷᠡᠴᠢᠯᠡᠯᠲᠡ ᠶᠢ ᠲᠦᠷᠭᠡᠨ ᠪᠥᠭᠡᠳ | ᠯᠠᠪᠳᠠᠭᠤᠨ ᠢᠶᠠᠷ ᠪᠡᠶᠡᠯᠡᠭᠦᠯᠬᠦ ᠬᠡᠷᠡᠭᠲᠡᠢ᠃ ᠥᠭᠡᠷᠡᠴᠢᠯᠡᠯᠲᠡ ᠨᠡᠭᠡᠭᠡᠯᠲᠡ ᠬᠢᠬᠦ ᠶᠢ ᠨᠢᠭᠡᠳᠬᠡᠬᠦ ᠶᠢ ᠪᠠᠷᠢᠮᠲᠠᠯᠠᠵᠤ᠂ | ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠵᠦ᠂ ᠣᠯᠠᠨ ᠤᠯᠤᠰ ᠤᠨ ᠥᠨᠳᠥᠷ | ᠪᠠᠷᠢᠮᠵᠢᠶᠠᠲᠤ ᠠᠵᠤ ᠠᠬᠤᠢ ᠠᠷᠠᠯᠵᠢᠶᠠᠨ ᠤ ᠳᠦᠷᠢᠮ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠭᠠᠳᠠᠭᠠᠳᠤ | ᠠᠷᠠᠯᠵᠢᠶ᠎ᠠ᠂ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠬᠤ ᠪᠣᠯᠣᠨ ᠭᠠᠳᠠᠭᠠᠳᠤ ᠳᠤ ᠪᠡᠯᠡ ᠣᠷᠣᠭᠤᠯᠬᠤ | ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷᠴᠢᠯᠡᠭᠰᠡᠨ᠂ | ᠬᠠᠤᠯᠢᠵᠢᠭᠰᠠᠨ᠂ ᠳᠡᠯᠡᠬᠡᠶᠢᠵᠢᠭᠰᠡᠨ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠪᠤᠶ | ᠪᠤᠯᠭᠠᠬᠤ ᠬᠡᠷᠡᠭᠲᠡᠢ᠃ ᠪᠠᠶᠢᠷᠢᠯᠠᠭᠤᠯᠤᠯᠲᠠ ᠪᠠ ᠨᠠᠶᠢᠳᠠᠪᠤᠷᠢᠵᠢᠭᠤᠯᠤᠯᠲᠠ ᠶᠢᠨ ᠬᠠᠷᠢᠴᠠᠭ᠎ᠠ ᠶᠢ ᠰᠠᠶᠢᠲᠤᠷ | ᠰᠢᠢᠳᠪᠦᠷᠢᠯᠡᠵᠦ᠂ ᠥᠭᠡᠷᠡᠴᠢᠯᠡᠯᠲᠡ ᠶᠢᠨ ᠲᠥᠰᠥᠯ ᠢ ᠵᠢᠷᠤᠵᠤ ᠲᠥᠯᠥᠪᠯᠡᠬᠦ ᠳᠤ ᠡᠷᠬᠡᠪᠰᠢ ᠪᠤᠰᠤᠳᠴᠢ ᠵᠢᠮ᠎ᠡ | ᠶᠣᠰᠣ ᠶᠢ ᠡᠵᠡᠮᠳᠡᠵᠦ᠂ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠵᠣᠬᠢᠴᠠᠭᠤᠯᠤᠨ ᠢᠵᠢ | ᠪᠦᠷᠢᠳᠦᠭᠦᠯᠬᠦ ᠶᠢ ᠴᠢᠬᠤᠯᠠᠴᠢᠯᠠᠵᠤ᠂ ᠥᠭᠡᠷᠡᠴᠢᠯᠡᠯᠲᠡ ᠶᠢᠨ ᠬᠠᠨᠳᠤᠰᠢ ᠶᠢᠨ ᠨᠢᠭᠡᠳᠦᠯᠲᠦ ᠴᠢᠨᠠᠷ ᠢ ᠴᠢᠩᠭᠠᠳᠬᠠᠵᠤ᠂ | ᠬᠠᠷᠢᠭᠤᠴᠠᠯᠭ᠎ᠠ ᠲᠣᠳᠣᠷᠬᠠᠢ᠂ ᠬᠡᠯᠬᠢᠶ᠎ᠡ ᠪᠦᠷᠢᠨ᠂ ᠭᠤᠭᠴᠤᠭ᠎ᠠ ᠪᠦᠷᠢ ᠨᠢ ᠬᠠᠷᠢᠯᠴᠠᠨ ᠬᠤᠯᠪᠣᠯᠳᠤᠭᠰᠠᠨ ᠠᠵᠢᠯ ᠤᠨ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠮᠥᠷᠳᠡᠨ ᠪᠠᠶᠢᠴᠠᠭᠠᠵᠤ ᠦᠷ᠎ᠡ ᠪᠦᠲᠦᠮᠵᠢ ᠶᠢ ᠨᠡᠬᠡᠮᠵᠢᠯᠡᠬᠦ ᠶᠢ | ᠴᠢᠩᠭᠠᠳᠬᠠᠵᠤ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ ᠨᠠᠷᠢᠯᠢᠭ | ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠤᠳᠤᠷᠢᠳᠬᠤ ᠺᠠᠳ᠋ᠷ ᠢᠯᠠᠩᠭᠤᠶ᠎ᠠ ᠳᠡᠭᠡᠳᠦ ᠲᠡᠰ ᠤᠨ ᠺᠠᠳ᠋ᠷ ᠥᠭᠡᠷᠡᠴᠢᠯᠡᠯᠲᠡ ᠶᠢ | ᠠᠬᠢᠭᠤᠯᠬᠤ ᠴᠢᠬᠤᠯᠠ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠨ᠎ᠠ᠃ ᠤᠯᠤᠰ ᠲᠦᠷᠦ ᠶᠢᠨ ᠬᠠᠷᠢᠭᠤᠴᠠᠯᠭᠠᠲᠤ | ᠰᠡᠳᠬᠢᠯᠭᠡ᠂ ᠲᠡᠦᠬᠡ ᠶᠢᠨ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ᠬᠦᠴᠢᠷ ᠢ ᠲᠤᠭᠤᠯᠤᠨ ᠪᠡᠷᠬᠡ ᠶᠢ | ᠳᠠᠪᠠᠭ᠋ᠤ᠂ ᠬᠦᠴᠢᠷ ᠢ ᠰᠥᠷᠦᠨ ᠤᠷᠤᠭᠰᠢᠯᠠᠬᠤ ᠤᠯᠤᠰ ᠲᠦᠷᠦ ᠶᠢᠨ ᠰᠥᠰᠥ ᠵᠣᠷᠢᠭ ᠢᠶᠠᠷ ᠵᠥᠷᠢᠴᠡᠯ ᠪᠠ | ᠠᠰᠠᠭᠤᠳᠠᠯ ᠳᠤ ᠰᠢᠭᠤᠳ ᠬᠠᠨᠳᠤᠵᠤ᠂ ᠠᠷᠬᠠᠭ ᠭᠡᠮ ᠢ ᠠᠷᠢᠯᠭᠠᠵᠤ᠂ ᠠᠶᠤᠯ ᠲᠦᠭᠰᠢᠭᠦᠷᠢ ᠥᠷᠢᠰᠦᠯᠳᠦᠭᠡᠨ ᠢ | ᠠᠷᠭᠠᠴᠠᠭᠠᠬᠤ ᠳᠠᠭᠠᠨ ᠬᠤᠶᠢᠰᠢ ᠤᠬᠤᠷᠢᠬᠤ ᠦᠭᠡᠢ ᠪᠠᠶᠢᠵᠤ᠂ ᠥᠭᠡᠷᠡᠴᠢᠯᠡᠯᠲᠡ ᠬᠥᠭᠵᠢᠯᠲᠡ ᠶᠢᠨ ᠰᠢᠨ᠎ᠡ ᠣᠷᠣᠨ | ᠵᠠᠢ ᠶᠢ ᠴᠢᠷᠮᠠᠶᠢᠨ ᠨᠡᠭᠡᠭᠡᠬᠦ ᠬᠡᠷᠡᠭᠲᠡᠢ᠃ ᠰᠢᠨᠵᠢᠯᠡᠬᠦ ᠤᠬᠠᠭᠠᠨᠴᠢ ᠠᠷᠭ᠎ᠠ ᠪᠠᠷ ᠥᠭᠡᠷᠡᠴᠢᠯᠡᠯᠲᠡ ᠶᠢ | ᠠᠬᠢᠭᠤᠯᠬᠤ ᠳᠠᠭᠠᠨ ᠴᠢᠳᠠᠮᠠᠭᠠᠢ ᠪᠠᠶᠢᠵᠤ᠂ ᠰᠢᠰᠲ᠋ᠧᠮ ᠲᠠᠢ ᠪᠠᠶᠢᠷᠢᠯᠠᠭᠤᠯᠵᠤ᠂ ᠤᠬᠠᠭᠠᠯᠠᠨ ᠲᠥᠯᠥᠪᠯᠡᠵᠦ | ᠲᠣᠭᠲᠠᠭᠰᠠᠨ ᠤ ᠲᠠᠷᠠᠭ᠎ᠠ ᠬᠥᠳᠡᠯᠦᠯᠴᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠠᠯᠢᠪᠠ ᠢᠳᠡᠪᠬᠢ ᠬᠦᠴᠦᠨ | ᠵᠦᠢᠯ ᠢ ᠭᠦᠢᠴᠡᠳ ᠳᠠᠶᠢᠴᠢᠯᠠᠬᠤ ᠨᠢ ᠥᠭᠡᠷᠡᠴᠢᠯᠡᠯᠲᠡ ᠶᠢ ᠤᠷᠤᠭᠰᠢᠲᠠᠢ ᠠᠬᠢᠭᠤᠯᠬᠤ ᠳᠤ ᠲᠦᠢᠯ ᠤᠨ ᠴᠢᠬᠤᠯᠠ | ᠶᠤᠮ᠃ ᠥᠭᠡᠷᠡᠴᠢᠯᠡᠯᠲᠡ ᠶᠢᠨ ᠶᠠᠷᠢᠶ᠎ᠠ ᠬᠡᠯᠡᠯᠴᠡᠭᠡᠨ ᠤ ᠬᠥᠲᠥᠯᠥᠨ ᠳᠠᠭᠠᠭᠤᠯᠬᠤ ᠠᠵᠢᠯ ᠢ ᠦᠨᠡᠨ ᠬᠦ ᠰᠠᠶᠢᠲᠤᠷ | ᠬᠢᠵᠦ᠂ ᠵᠥᠪ ᠲᠠᠯ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠭᠤᠣᠯ ᠭᠦᠭ ᠠᠶᠠᠰ ᠢ ᠴᠢᠪᠬᠠᠳᠠᠵᠤ᠂ ᠢᠳᠡᠪᠬᠢ | ᠬᠦᠴᠦᠨ ᠢ ᠳᠠᠮᠵᠢᠭᠤᠯᠬᠤ ᠬᠡᠷᠡᠭᠲᠡᠢ᠃ ᠪᠦᠭᠦᠳᠡ ᠬᠤᠷᠠᠯ ᠤᠨ ︽ᠲᠣᠭᠲᠠᠭᠠᠯ︾ ᠳᠤ ᠳᠤᠷᠠᠳᠤᠭᠰᠠᠨ ᠵᠠᠷᠢᠮ | ᠴᠢᠬᠤᠯᠠ ᠶᠡᠭᠡ ᠤᠨᠤᠯ ᠤᠨ ᠦᠵᠡᠯᠲᠡ ᠶᠢ ᠰᠤᠳᠤᠯᠬᠤ ᠪᠠ ᠲᠣᠳᠣᠷᠬᠠᠶᠢᠯᠠᠨ ᠲᠠᠶᠢᠯᠪᠤᠷᠢᠯᠠᠬᠤ ᠠᠵᠢᠯ ᠢ | ᠴᠢᠩᠭᠠᠳᠬᠠᠵᠤ᠂ ᠢᠯᠠᠩᠭᠤᠶ᠎ᠠ ᠦᠨᠳᠦᠰᠦᠨ ᠱᠠᠲᠤ ᠪᠠ ᠤᠯᠠᠨ ᠲᠦᠮᠡᠨ ᠳᠤ ᠬᠠᠨᠳᠤᠭᠤᠯᠤᠭᠰᠠᠨ ᠤᠬᠠᠭᠤᠯᠭ᠎ᠠ᠂ | ᠲᠠᠶᠢᠯᠤᠮᠵᠢ ᠶᠢ ᠴᠢᠩᠭᠠᠳᠬᠠᠵᠤ᠂ ᠴᠠᠭ ᠲᠤᠬᠠᠢ ᠳᠤᠨᠢ ᠮᠠᠳᠠᠭ ᠡᠭᠡᠳᠡᠷᠡᠭᠡᠨ ᠢ ᠲᠠᠶᠢᠯᠤᠨ ᠲᠥᠭᠡᠷᠢᠭᠳᠡᠯ ᠢ ᠠᠷᠢᠯᠭᠠᠵᠤ᠂ | ᠨᠡᠶᠢᠭᠡᠮ ᠤᠨ ᠠᠩᠬᠠᠷᠴᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠴᠦ᠂ ᠬᠠᠮᠲᠤ ᠶᠢᠨ ᠲᠠᠨᠢᠯᠲᠠ ᠶᠢ | ᠥᠷᠭᠡᠨ ᠢᠶᠠᠷ ᠨᠢᠭᠲᠠᠷᠠᠭᠤᠯᠵᠤ᠂ ᠪᠦᠭᠦ ᠨᠠᠮ ᠪᠦᠭᠦ ᠨᠡᠶᠢᠭᠡᠮ ᠢᠶᠠᠷ ᠢᠶᠠᠨ ᠥᠭᠡᠷᠡᠴᠢᠯᠡᠯᠲᠡ ᠶᠢ ᠬᠠᠮᠲᠤ ᠪᠠᠷ ᠠᠳᠬᠤᠬᠤ | ᠦᠵᠡᠯ ᠰᠠᠨᠠᠭᠠᠨ ᠤ ᠰᠠᠭᠤᠷᠢ᠂ ᠤᠯᠠᠨ ᠲᠦᠮᠡᠨᠴᠢ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠺᠠᠳ᠋ᠷ᠂ ᠣᠯᠠᠨ ᠲᠦᠮᠡᠨ ᠤ | ᠶᠡᠭᠡ ᠲᠠᠯ᠎ᠠ ᠶᠢᠨ ᠤᠬᠠᠮᠰᠠᠷ ᠢᠶᠠᠨ ᠴᠢᠩᠭᠠᠳᠬᠠᠬᠤ ᠶᠢ ᠬᠥᠲᠥᠯᠥᠨ ᠵᠢᠯᠤᠭᠤᠳᠴᠤ᠂ ᠥᠭᠡᠷᠡᠴᠢᠯᠡᠯᠲᠡ ᠶᠢᠨ ᠳᠤᠮᠳᠠᠬᠢ | ᠠᠰᠢᠭ ᠲᠤᠰᠠ ᠶᠢᠨ ᠬᠠᠷᠢᠴᠠᠭ᠎ᠠ ᠶᠢ ᠲᠣᠬᠢᠷᠠᠭᠤᠯᠬᠤ ᠪᠠ ᠬᠤᠪᠢ ᠬᠥᠮᠥᠨ ᠤ ᠠᠰᠢᠭ ᠬᠤᠣᠷ ᠣᠯᠵᠤ ᠠᠯᠳᠠᠬᠤ ᠳᠤ | ᠵᠥᠪ ᠢᠶᠠᠷ ᠬᠠᠨᠳᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ ᠬᠠᠮᠤᠭ ᠤᠨ ᠰᠡᠭᠦᠯ ᠳᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ | ᠲᠥᠪ ᠤᠨ ᠤᠯᠤᠰ ᠲᠦᠷᠦ ᠶᠢᠨ ᠲᠣᠪᠴᠢᠶ᠎ᠠ ᠶᠢᠨ ᠬᠤᠷᠠᠯ ᠠᠴᠠ ᠲᠣᠭᠲᠠᠭᠠᠭᠰᠠᠨ ᠠᠯᠢ ᠤᠯᠠᠨ ᠴᠢᠬᠤᠯᠠ ᠶᠡᠭᠡ | ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠡᠯ᠎ᠡ ᠵᠦᠢᠯ ᠤᠨ ᠨᠥᠭᠡᠴᠡ ᠲᠦᠷᠦ ᠶᠢᠨ ᠪᠣᠳᠣᠯᠭ᠎ᠠ | ᠪᠣᠯᠣᠨ ᠨᠡᠮᠡᠭᠳᠡᠯ ᠲᠦᠷᠦ ᠶᠢᠨ ᠪᠣᠳᠣᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠬᠠᠮ ᠠᠷᠭ᠎ᠠ ᠬᠡᠮᠵᠢᠶ᠎ᠡ ᠶᠢ | ᠰᠠᠶᠢᠲᠤᠷ ᠬᠡᠷᠡᠭᠵᠢᠭᠦᠯᠵᠦ᠂ ᠰᠡᠭᠦᠯᠴᠢ ᠶᠢᠨ ᠬᠤᠶᠠᠷ ᠰᠠᠷ᠎ᠠ ᠶᠢᠨ ᠡᠯ᠎ᠡ ᠵᠦᠢᠯ ᠤᠨ ᠠᠵᠢᠯ ᠢ ᠦᠨᠡᠨ ᠬᠦ ᠰᠠᠶᠢᠲᠤᠷ | ᠠᠳᠬᠤᠵᠤ᠂ ᠪᠦᠭᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠴᠢᠷᠮᠠᠶᠢᠨ | ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠯᠢ ᠴᠢᠶᠠᠩ ᠰᠤᠷᠤᠯᠭ᠎ᠠ ᠡᠬᠢᠯᠡᠬᠦ ᠶᠣᠰᠣᠯᠠᠯ ᠢ ᠡᠷᠭᠢᠯᠡᠭᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ | ᠴᠢᠬᠤᠯᠠ ᠶᠠᠷᠢᠶ᠎ᠠ ᠭᠤᠣᠯ ᠰᠠᠨᠠᠭ᠎ᠠ ᠨᠢ ᠠᠯᠤᠰ ᠭᠡᠳᠤ ᠶᠢᠨ᠂ ᠦᠵᠡᠯ ᠰᠠᠨᠠᠭ᠎ᠠ ᠨᠢ ᠭᠦᠨ᠂ ᠨᠡᠪᠳᠡᠷᠡᠳᠡᠯ᠎ᠡ ᠥᠭᠦᠯᠡᠵᠦ᠂ | ᠠᠭᠤᠯᠬᠤᠨ ᠨᠢ ᠪᠠᠶᠠᠯᠢᠭ ᠪᠠᠶᠢᠵᠤ᠂ ᠮᠠᠰᠢ ᠴᠢᠩᠭ᠎ᠠ ᠤᠯᠤᠰ ᠲᠥᠷᠥᠴᠢ ᠴᠢᠨᠠᠷ᠂ ᠣᠨᠣᠯᠴᠢ ᠴᠢᠨᠠᠷ᠂ ᠬᠠᠨᠳᠤᠯᠭᠠᠲᠤ | ᠴᠢᠨᠠᠷ᠂ ᠵᠢᠯᠤᠭᠤᠳᠬᠤ ᠴᠢᠨᠠᠷ ᠲᠠᠢ᠂ ᠪᠦᠭᠦ ᠨᠠᠮ ᠢᠯᠠᠩᠭᠤᠶ᠎ᠠ ᠳᠡᠭᠡᠳᠦ ᠲᠡᠰ ᠤᠨ ᠺᠠᠳ᠋ᠷᠴᠤᠳ ᠤᠨ ᠨᠠᠮ ᠤᠨ | ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ | ᠪᠦᠭᠦ ᠲᠠᠯ᠎ᠠ ᠪᠠᠷ ᠣᠨᠣᠪᠴᠢᠲᠠᠢ ᠣᠶᠢᠯᠠᠭᠠᠬᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠶᠢᠨ ᠵᠢᠯᠤᠭᠤᠳᠬᠤ ᠦᠵᠡᠯ ᠰᠠᠨᠠᠭ᠎ᠠ᠂ ᠶᠡᠷᠦᠩᠬᠡᠢ ᠬᠠᠷᠠᠯᠲᠠ᠂ ᠴᠢᠬᠤᠯᠠ ᠶᠡᠭᠡ ᠵᠠᠷᠴᠢᠮ᠂ | ᠰᠢᠨᠵᠢᠯᠡᠬᠦ ᠤᠬᠠᠭᠠᠨᠴᠢ ᠠᠷᠭ᠎ᠠ ᠶᠢ ᠭᠦᠨᠵᠡᠭᠡᠢ ᠡᠵᠡᠮᠰᠢᠬᠦ᠂ ᠥᠭᠡᠷᠡᠴᠢᠯᠡᠯᠲᠡ ᠶᠢᠨ ᠢᠲᠡᠭᠡᠯ ᠵᠣᠷᠢᠭ ᠢᠶᠠᠨ | ᠪᠠᠲᠤᠳᠬᠠᠬᠤ᠂ ᠥᠭᠡᠷᠡᠴᠢᠯᠡᠯᠲᠡ ᠶᠢᠨ ᠴᠢᠭᠯᠡᠯ ᠢ ᠣᠨᠣᠪᠴᠢᠲᠠᠶ ᠡᠵᠡᠮᠰᠢᠬᠦ᠂ ᠥᠭᠡᠷᠡᠴᠢᠯᠡᠯᠲᠡ ᠶᠢᠨ | ᠬᠠᠷᠢᠭᠤᠴᠠᠯᠭ᠎ᠠ ᠶᠢ ᠴᠢᠩᠭᠠᠳᠬᠠᠬᠤ᠂ ᠥᠭᠡᠷᠡᠴᠢᠯᠡᠯᠲᠡ ᠶᠢᠨ ᠬᠠᠮᠲᠤᠷᠠᠯ ᠬᠦᠴᠦᠨ ᠢ ᠨᠢᠭᠲᠠᠷᠠᠭᠤᠯᠬᠤ᠂ ᠡᠯ᠎ᠡ | ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠣᠨᠣᠪᠴᠢᠲᠠᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ | ᠭᠠᠷᠭᠠᠬᠤ ᠶᠢ ᠠᠬᠢᠭᠤᠯᠬᠤ ᠳᠤ ᠮᠠᠰᠢ ᠴᠢᠬᠤᠯᠠ ᠠᠴᠢ ᠬᠤᠯᠪᠣᠭᠳᠠᠯ ᠲᠠᠢ ᠶᠤᠮ᠃ ᠡᠭᠦᠷᠭᠡᠯᠡᠯ ᠢ ᠪᠣᠳᠣᠯᠬᠢᠯᠠᠵᠤ | ᠰᠤᠷᠤᠯᠴᠠᠨ᠂ ᠬᠠᠷᠢᠭᠤᠴᠠᠯᠭ᠎ᠠ ᠡᠪᠦᠷᠯᠡᠨ ᠰᠤᠷᠤᠯᠴᠠᠵᠤ᠂ ᠠᠰᠠᠭᠤᠳᠠᠯ ᠢ ᠠᠪᠴᠤ ᠰᠤᠷᠤᠯᠴᠠᠨ᠂ ᠶᠡᠷᠦᠩᠬᠡᠢ | ᠱᠦᠵᠢ ᠶᠢᠨ ᠴᠢᠬᠤᠯᠠ ᠶᠠᠷᠢᠶᠠᠨ ᠤ ᠪᠠᠶᠠᠯᠢᠭ ᠠᠭᠤᠯᠬᠤᠨ᠂ ᠭᠤᠣᠯ ᠠᠭᠤᠯᠭ᠎ᠠ ᠪᠠ ᠦᠢᠯᠡᠳᠦᠯᠭᠡ ᠶᠢᠨ | ᠱᠠᠭᠠᠷᠳᠠᠯᠭ᠎ᠠ ᠶᠢ ᠭᠦᠨᠵᠡᠭᠡᠢ ᠣᠶᠢᠯᠠᠭᠠᠨ ᠡᠵᠡᠮᠰᠢᠵᠦ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ | ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ | ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ ᠪᠠᠨ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ | ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ | ᠥᠭᠡᠷᠡᠴᠢᠯᠡᠯᠲᠡ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠦᠲᠦᠭᠡᠯᠴᠢ ᠪᠠᠷ ᠰᠠᠶᠢᠲᠤᠷ ᠠᠳᠬᠤᠬᠤ ᠬᠡᠷᠡᠭᠲᠡᠢ | ᠭᠡᠵᠦ ᠵᠢᠭᠠᠵᠤ ᠭᠠᠷᠭᠠᠪᠠ᠃ | ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ | ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ᠂ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠭᠡᠰᠢᠭᠦᠨ ᠳᠡᠳ᠋ ᠬᠤᠷᠢᠶᠠᠨ | ᠳᠠᠷᠤᠭ᠎ᠠ᠂ ᠲᠦᠷᠦ ᠶᠢᠨ ᠶᠠᠪᠤᠳᠠᠯ ᠤᠨ ᠭᠡᠰᠢᠭᠦᠨ᠂ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠳᠠᠷᠤᠭ᠎ᠠ᠂ ᠪᠦᠭᠦ | ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠭᠡᠰᠢᠭᠦᠨ ᠳᠡᠳ᠋ ᠲᠡᠷᠢᠭᠦᠯᠡᠭᠴᠢ ᠵᠢᠴᠢ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠪᠠ᠃ | ᠡᠯ᠎ᠡ ᠮᠤᠵᠢ ᠥᠪᠡᠷᠲᠡᠭᠡᠨ ᠵᠠᠰᠠᠬᠤ ᠣᠷᠣᠨ ᠰᠢᠭᠤᠳ ᠬᠠᠷᠢᠶ᠎ᠠ ᠬᠤᠲᠠ ᠪᠣᠯᠣᠨ ᠰᠢᠨᠵᠢᠶᠠᠩ ᠤᠨ | ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ | ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠠᠷᠠᠳ ᠤᠨ ᠪᠦᠯᠭᠦᠮ᠂ ᠲᠥᠪ ᠠᠴᠠ ᠬᠠᠮᠢᠶᠠᠷᠴᠤ | ᠪᠠᠶᠢᠭ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ ᠴᠢᠯᠦᠭᠡᠯᠡᠬᠦ | ᠴᠡᠷᠢᠭ ᠤᠨ ᠡᠯ᠎ᠡ ᠨᠢᠭᠡᠴᠢ ᠪᠣᠯᠣᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠭᠤᠣᠯ ᠬᠠᠷᠢᠭᠤᠴᠠᠯᠭᠠᠲᠠᠨ | ᠨᠥᠬᠦᠳ ᠰᠤᠳᠤᠯᠤᠨ ᠶᠠᠷᠢᠯᠴᠠᠬᠤ ᠠᠩᠭᠢ ᠳᠤ ᠣᠷᠣᠯᠴᠠᠪᠠ᠃ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ | ᠬᠤᠷᠢᠶ᠎ᠠ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠵᠢᠴᠢ ᠬᠤᠯᠪᠣᠭᠳᠠᠯ ᠪᠦᠬᠦᠢ ᠲᠠᠯ᠎ᠠ ᠶᠢᠨ | ᠬᠠᠷᠢᠭᠤᠴᠠᠯᠭᠠᠲᠠᠨ ᠰᠤᠷᠤᠯᠭ᠎ᠠ ᠡᠬᠢᠯᠡᠬᠦ ᠶᠣᠰᠣᠯᠠᠯ ᠳᠤ ᠰᠤᠯᠠ ᠣᠷᠣᠯᠴᠠᠵᠠᠢ᠃ |