【 ᠠᠮᠤᠷ ᠳᠦᠪᠰᠢᠨ ᠤ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠵᠦ ᠠᠮᠤᠷ ᠳᠦᠪᠰᠢᠨ ᠬᠥᠭᠵᠢᠯᠲᠡ ᠶᠢ ᠠᠬᠢᠭᠤᠯᠤᠶ᠎ᠠ 】 ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ 2024 ᠣᠨ ᠤ 10 ᠳ᠋ᠤᠭᠠᠷ ᠤᠳᠠᠭᠠᠨ ᠤ ᠬᠤᠷᠠᠯ ᠵᠢᠴᠢ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/11/12
    ᠮᠠᠨ ᠤ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠶᠡᠷᠦᠩᠬᠡᠶ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠳᠣᠯᠠᠳᠠ᠂ 11 ᠰᠠᠷ᠎ᠠ ᠶᠢᠨ 7 ᠤ ᠡᠳᠦᠷ᠂ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠵᠥᠪᠯᠡᠯ 2024 ᠣᠨ ᠤ 10 ᠳ᠋ᠤᠭᠠᠷ ᠤᠳᠠᠭᠠᠨ ᠤ ᠡᠭᠡᠯᠵᠢᠲᠦ ᠬᠤᠷᠠᠯ ᠵᠢᠴᠢ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠡᠯ᠎ᠡ ᠰᠠᠯᠠᠭ᠎ᠠ ᠮᠥᠴᠢᠷ ᠤᠨ ᠬᠢᠨ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠵᠡᠷᠭᠡ ᠲᠤᠰᠬᠠᠢ ᠴᠡᠭᠴᠡᠯᠡᠨ ᠵᠠᠰᠠᠯᠲᠠ ᠶᠢ ᠴᠢᠩᠭ᠎ᠠ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠬᠤ ᠢᠲᠡᠭᠡᠯ ᠵᠣᠷᠢᠭ ᠢᠶᠠᠨ ᠪᠠᠲᠤᠳᠬᠠᠵᠤ᠂ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠠᠳᠡᠯ ᠤᠨ ᠰᠤᠷᠭᠠᠮᠵᠢ ᠶᠢ ᠭᠦᠨᠵᠡᠭᠡᠢ ᠰᠢᠩᠭᠡᠭᠡᠨ ᠠᠪᠴᠤ᠂ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠰᠡᠷᠭᠡᠶᠢᠯᠡᠯᠲᠡ ᠶᠢ ᠲᠠᠰᠤᠷᠠᠯᠳᠡ ᠦᠭᠡᠢ ᠴᠢᠩᠭᠠᠳᠬᠠᠵᠤ᠂ ᠠᠳᠡᠯ ᠤᠯᠠᠨ ᠭᠠᠷᠬᠤ᠂ ᠭᠤᠣᠯᠳᠠᠯᠭ᠎ᠠ ᠲᠠᠢ ᠬᠦᠷᠢᠶ᠎ᠡ ᠪᠣᠯᠤᠨ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠲᠠᠬᠢᠨ ᠲᠤᠬᠢᠷᠠᠭᠤᠯᠵᠤ᠂ ᠲᠠᠬᠢᠨ ᠪᠠᠶᠢᠴᠠᠭᠠᠬᠤ ᠬᠡᠷᠡᠭᠲᠡᠢ᠃ ᠬᠦᠴᠦᠨ ᠢᠶᠠᠨ ᠲᠥᠪᠯᠡᠷᠡᠭᠦᠯᠦᠨ ᠲᠤᠰ ᠠᠵᠢᠯ ᠲᠦᠷᠦᠯ ᠤᠨ ᠬᠦᠷᠢᠶᠡᠨ ᠤ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠲᠤᠰᠬᠠᠢ ᠠᠵᠢᠯᠯᠠᠭ᠎ᠠ ᠶᠢ ᠰᠠᠶᠢᠲᠤᠷ ᠵᠣᠬᠢᠶᠠᠨ ᠪᠠᠶᠢᠭᠤᠯᠤᠨ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠤᠬᠠᠭᠤᠯᠭ᠎ᠠ ᠬᠥᠮᠦᠵᠢᠯ᠂ ᠠᠮᠤᠷ ᠲᠦᠪᠰᠢᠨ ᠤ ᠪᠣᠯᠪᠠᠰᠤᠷᠠᠯ᠂ ᠭᠠᠯ ᠤᠨ ᠡᠬᠢ ᠰᠤᠷᠪᠤᠯᠵᠢ ᠶᠢ ᠬᠠᠮᠢᠶᠠᠷᠤᠨ ᠡᠵᠡᠮᠳᠡᠬᠦ᠂ ᠵᠢᠵᠢᠭᠦᠷᠯᠡᠨ ᠰᠠᠬᠢᠬᠤ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠰᠠᠶᠢᠲᠤᠷ ᠠᠳᠬᠤᠵᠤ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠴᠢᠳᠠᠪᠤᠷᠢ ᠪᠣᠯᠤᠨ ᠲᠦᠪᠰᠢᠨ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠭᠤᠤᠯᠳᠠᠯᠭ᠎ᠠ ᠲᠠᠢ ᠡᠭᠦᠷᠭᠡ ᠶᠢ ᠭᠦᠨᠵᠡᠭᠡᠶ ᠠᠬᠢᠭᠤᠯᠵᠤ᠂ ᠡᠯ᠎ᠡ ᠵᠦᠢᠯ ᠤᠨ ᠡᠭᠦᠷᠭᠡ ᠶᠢ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢᠶᠠᠷ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠭᠠᠯ ᠤᠨᠲᠠᠷᠠᠭᠠᠬᠤ᠂ ᠡᠪᠦᠯ ᠤᠨ ᠤᠯᠠᠷᠢᠯ ᠤᠨ ᠠᠶᠤᠯ ᠥᠬᠡᠶ ᠦᠢᠯᠡᠳᠪᠦᠷᠢᠯᠡᠯ ᠤᠨ ᠲᠣᠤᠷ ᠢ ᠤᠯᠠᠮ ᠨᠢᠭᠡ ᠠᠯᠬᠤᠮ ᠨᠢᠭᠲᠠ ᠪᠥᠭᠡᠳ ᠪᠠᠲᠤ ᠪᠠᠬᠢ ᠪᠠᠶᠢᠭᠤᠯᠵᠤ᠂ ᠰᠡᠷᠭᠡᠶᠢᠯᠡᠬᠦ ᠪᠠᠷ ᠭᠤᠤᠯ ᠪᠣᠯᠭᠠᠬᠤ ᠶᠢ ᠪᠠᠷᠢᠮᠲᠠᠯᠠᠨ᠂ ᠡᠷᠲᠡ ᠠᠴᠠ ᠰᠡᠷᠭᠡᠶᠢᠯᠡᠬᠦ᠂ ᠪᠠᠭ᠎ᠠ ᠳᠤᠨᠢ ᠤᠨᠲᠠᠷᠠᠭᠠᠬᠤ ᠳᠤ ᠰᠠᠭᠤᠷᠢᠯᠠᠨ᠂ ᠭᠠᠯ ᠤᠨ ᠠᠶᠤᠯ ᠤᠨ ᠳᠠᠯᠳᠠ ᠬᠡᠮ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠦᠨᠡᠨ ᠬᠦ ᠬᠤᠷᠢᠭᠯᠠᠬᠤ ᠬᠡᠷᠡᠭᠲᠡᠶ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号