【 ᠲᠠᠪᠤᠨ ᠶᠡᠭᠡ ᠡᠭᠦᠷᠭᠡ ᠶᠢᠨ ᠠᠮᠵᠢᠯᠲᠠ ᠤᠯᠬᠤ ᠶᠢ ᠠᠬᠢᠭᠤᠯᠤᠨ᠎ᠠ 】 ᠡᠷᠢᠶᠡᠨ ᠪᠣᠭᠤᠮᠲᠠ ᠶᠢᠨ ᠲᠦᠷᠦᠭᠦᠤ 10 ᠰᠠᠷ᠎ᠠ ᠳᠤ ᠬᠢᠯᠢ ᠪᠠᠷ ᠣᠷᠣᠵᠤ ᠭᠠᠷᠬᠤ ᠬᠥᠮᠦᠰ 214 ᠲᠦᠮᠡᠨ ᠬᠥᠮᠦᠨ ᠤᠳᠠᠭ᠎ᠠ ᠳᠤ ᠬᠦᠷᠴᠡᠶ
ᠨᠡᠶᠢᠲᠡᠯᠡᠭᠰᠡᠨ ᠴᠠᠭ᠄
2024/11/13
     ᠰᠤᠷᠪᠤᠯᠵᠢᠯᠠᠭᠴᠢ ᠡᠷᠢᠶᠡᠨ ᠪᠣᠭᠤᠮᠲᠠ ᠶᠢᠨ ᠬᠢᠯᠢ ᠪᠠᠷ ᠨᠡᠪᠳᠡᠷᠡᠬᠦ ᠬᠢᠯᠢ ᠶᠢᠨ ᠬᠠᠮᠠᠭᠠᠯᠠᠯᠲᠠ ᠶᠢᠨ ᠰᠢᠯᠭᠠᠨ ᠪᠠᠶᠢᠴᠠᠭᠠᠬᠤ ᠥᠷᠲᠡᠭᠡ ᠠᠴᠠ ᠣᠶᠢᠯᠠᠭᠠᠭᠰᠠᠨ ᠢᠶᠠᠷ᠂ ᠡᠨᠡ ᠵᠢᠯ ᠤᠨ ᠲᠦᠷᠦᠭᠦᠤ 10 ᠰᠠᠷ᠎ᠠ ᠳᠤ᠂ ᠡᠷᠢᠶᠡᠨ ᠪᠣᠭᠤᠮᠲᠠ ᠶᠢᠨ ᠬᠢᠯᠢ ᠪᠠᠷ ᠨᠡᠪᠳᠡᠷᠡᠬᠦ ᠬᠥᠮᠦᠰ 214.8 ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 86.7% ᠪᠠᠷ ᠨᠡᠮᠡᠭᠳᠡᠪᠡ᠃      ᠡᠨᠡ ᠵᠢᠯ ᠠᠴᠠ ᠨᠠᠭᠠᠰᠢ᠂ ᠳᠤᠮᠳᠠᠳᠤ ᠮᠣᠩᠭᠤᠯ ᠤᠨ ᠬᠢᠯᠢ ᠬᠢᠵᠠᠭᠠᠷ ᠤᠨ ᠭᠠᠵᠠᠷ ᠣᠷᠣᠨ ᠤ ᠵᠢᠭᠤᠯᠴᠢᠯᠠᠯ ᠤᠨ ᠦᠢᠯᠡᠰ ᠦᠷᠭᠦᠯᠵᠢᠯᠡᠨ ᠳᠤᠯᠠᠭᠠᠷᠠᠵᠤ᠂ ᠠᠷᠠᠯᠵᠢᠶ᠎ᠠ ᠬᠤᠳᠠᠯᠳᠤᠭᠠᠨ ᠤ ᠠᠵᠢᠯᠯᠠᠭ᠎ᠠ ᠶᠢᠨ ᠬᠠᠯᠠᠮᠰᠢᠯ ᠨᠢ ᠪᠠᠭᠤᠷᠠᠬᠤ ᠥᠬᠡᠶ ᠪᠠᠶᠢᠵᠤ᠂ ᠪᠣᠭᠤᠮᠲᠠ ᠪᠠᠷ ᠣᠷᠣᠵᠤ ᠭᠠᠷᠬᠤ ᠬᠥᠮᠦᠰ ᠦᠷᠭᠦᠯᠵᠢᠯᠡᠨ ᠨᠡᠮᠡᠭᠳᠡᠪᠡ᠃ ᠡᠨᠡ ᠵᠢᠯ ᠤᠨ ᠲᠦᠷᠦᠭᠦᠤ 10 ᠰᠠᠷ᠎ᠠ ᠳᠤ᠂ ᠲᠡᠮᠦᠷ ᠵᠠᠮ ᠤᠨ ᠪᠣᠭᠤᠮᠲᠠ ᠪᠠᠷ ᠣᠷᠣᠵᠤ ᠭᠠᠷᠬᠤ ᠬᠥᠮᠦᠰ 5.9 ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 89.5% ᠪᠠᠷ ᠨᠡᠮᠡᠭᠳᠡᠪᠡ︔ ᠵᠠᠰᠠᠮᠠᠯ ᠵᠠᠮ ᠤᠨ ᠪᠣᠭᠤᠮᠲᠠ ᠪᠠᠷ ᠣᠷᠣᠵᠤ ᠭᠠᠷᠬᠤ ᠬᠥᠮᠦᠰ 208.9 ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 71.1% ᠪᠠᠷ ᠨᠡᠮᠡᠭᠳᠡᠪᠡ᠃      ᠪᠣᠭᠤᠮᠲᠠ ᠶᠢᠨ ᠬᠢᠯᠢ ᠪᠠᠷ ᠨᠡᠪᠳᠡᠷᠡᠬᠦ ᠠᠶᠠᠨᠴᠢᠳ ᠤᠨ ᠲᠤᠭ᠎ᠠ ᠦᠷᠭᠦᠯᠵᠢᠯᠡᠨ ᠨᠡᠮᠡᠭᠳᠡᠵᠦ ᠪᠠᠶᠢᠭ᠎ᠠ ᠪᠠᠶᠢᠳᠠᠯ ᠳᠤ ᠴᠢᠭᠯᠡᠭᠦᠯᠦᠨ᠂ ᠡᠷᠢᠶᠡᠨ ᠬᠤᠲᠠ ᠶᠢᠨ ᠬᠢᠯᠢ ᠪᠠᠷ ᠨᠡᠪᠳᠡᠷᠡᠬᠦ ᠬᠢᠯᠢ ᠶᠢᠨ ᠬᠠᠮᠠᠭᠠᠯᠠᠯᠲᠠ ᠶᠢᠨ ᠰᠢᠯᠭᠠᠨ ᠪᠠᠶᠢᠴᠠᠭᠠᠬᠤ ᠥᠷᠲᠡᠭᠡ ᠶᠢᠨ ᠤᠷᠢᠳᠴᠢᠯᠠᠨ ᠪᠣᠯᠵᠣᠬᠤ ᠦᠢᠯᠡᠴᠢᠯᠡᠭᠡᠨ ᠤ ᠲᠠᠪᠴᠠᠩ ᠢ ᠵᠢᠷᠤᠵᠤ ᠲᠥᠯᠥᠪᠯᠡᠬᠦ ᠶᠢᠨ ᠬᠠᠮᠲᠤ ᠲᠤᠷᠰᠢᠨ ᠠᠵᠢᠯᠯᠠᠭᠤᠯᠬᠤ ᠱᠠᠲᠤᠨ ᠳᠤ ᠣᠷᠣᠵᠤ᠂ ᠦᠢᠯᠡᠴᠢᠯᠡᠬᠦ ᠡᠲᠡᠭᠡᠳ ᠲᠤ ︽ᠤᠷᠢᠳᠴᠢᠯᠠᠨ ᠮᠡᠳᠡᠭᠡᠯᠡᠬᠦ ᠂ ᠪᠣᠯᠵᠣᠨ ᠪᠣᠭᠤᠮᠲᠠ ᠪᠠᠷ ᠥᠩᠭᠡᠷᠡᠬᠦ︾ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠬᠠᠩᠭᠠᠵᠤ᠂ ᠳᠥᠭᠦᠮ ᠳᠥᠲᠡ ᠂ ᠴᠢᠨᠠᠷ ᠰᠠᠶᠢᠲᠠᠶ ᠪᠣᠭᠤᠮᠲᠠ ᠪᠠᠷ ᠥᠩᠭᠡᠷᠡᠬᠦ ᠣᠶᠢᠯᠠᠭᠠᠯᠲᠠ ᠶᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ︽ᠤᠶᠤᠨᠲᠤ ᠬᠢᠯᠢ ᠶᠢᠨ ᠪᠠᠶᠢᠴᠠᠭᠠᠯᠲᠠ︾ ᠶᠢᠨ ᠪᠣᠭᠤᠮᠲᠠ ᠪᠠᠷ ᠲᠦᠷᠭᠡᠨ ᠥᠩᠭᠡᠷᠡᠬᠦ ᠬᠦᠴᠦᠨ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠪᠡ᠃ ᠬᠢᠯᠢ ᠶᠢᠨ ᠪᠠᠶᠢᠴᠠᠭᠠᠯᠲᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ︽ᠲᠤᠬᠠᠶ ᠶᠢᠨ ᠲᠠᠯᠠᠪᠤᠷ ᠠᠯᠤᠰᠯᠠᠨ ᠪᠠᠭ᠎ᠠ ᠨᠢᠭᠡᠴᠢ ᠶᠢ ᠲᠤᠰᠠᠯᠠᠬᠤ︾ ᠪᠠ ︽ᠡᠩ ᠤᠨ ᠦᠶ᠎ᠡ ᠠᠯᠤᠰᠯᠠᠵᠤ ᠡᠩ ᠤᠨ ᠦᠶ᠎ᠡ ᠳᠤ ᠲᠤᠰᠠᠯᠠᠬᠤ︾ ᠠᠮᠢᠳᠤᠯᠢᠭ ᠴᠠᠭᠳᠠᠭᠠᠨ ᠤ ᠦᠢᠯᠡᠴᠢᠯᠡᠭᠡᠨ ᠤ ᠵᠠᠭᠪᠤᠷ ᠢ ᠪᠠᠶᠢᠩᠭᠤᠵᠢᠭᠤᠯᠤᠨ ᠠᠬᠢᠭᠤᠯᠵᠤ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠵᠢᠴᠢ ᠵᠣᠨ ᠤ ᠠᠮᠠᠷᠠᠯᠲᠠ ᠶᠢᠨ ᠬᠤᠭᠤᠴᠠᠭᠠᠨ ᠤ ᠠᠶᠠᠨᠴᠢᠳ ᠤᠨ ᠤᠷᠤᠰᠬᠠᠯ ᠤᠨ ᠣᠷᠭᠢᠯ ᠦᠶ᠎ᠡ ᠶᠢᠨ ᠵᠢᠮ᠎ᠡ ᠶᠣᠰᠣᠨ ᠤ ᠣᠨᠴᠠᠯᠢᠭ ᠢ ᠭᠦᠢᠴᠡᠳ ᠰᠤᠳᠤᠯᠤᠨ ᠮᠠᠭᠠᠳᠯᠠᠵᠤ᠂ ︽ᠬᠤᠶᠠᠷ ᠢ ᠨᠡᠶᠢᠲᠡᠯᠡᠵᠦ ᠨᠢᠭᠡ ᠶᠢ ᠰᠠᠨᠠᠭᠤᠯᠬᠤ︾ ᠤᠷᠢᠳᠴᠢᠯᠠᠨ ᠮᠡᠳᠡᠭᠳᠡᠬᠦ ᠦᠢᠯᠡᠴᠢᠯᠡᠭᠡ ᠶᠢ ᠬᠡᠷᠡᠭᠵᠢᠭᠦᠯᠦᠨ᠂ ︽ᠬᠡᠰᠡᠭ ᠬᠤᠪᠢᠶᠠᠨ ᠤᠷᠤᠰᠬᠠᠯ ᠢ ᠡᠵᠡᠮᠳᠡᠬᠦ︾ ︽ᠴᠠᠭ ᠢ ᠤᠷᠲᠤᠳᠬᠠᠨ ᠪᠣᠭᠤᠮᠲᠠ ᠪᠠᠷ ᠥᠩᠭᠡᠷᠡᠬᠦ︾ ᠵᠡᠷᠭᠡ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠪᠣᠭᠤᠮᠲᠠ ᠶᠢᠨ ︽ᠬᠠᠷᠭᠤᠭᠤᠯᠤᠨ ᠪᠠᠶᠢᠴᠠᠭᠠᠬᠤ ᠳᠤ ᠤᠷᠢᠳᠠᠴᠢ ᠪᠠᠶᠢᠬᠤ᠂ ᠲᠦᠷᠭᠡᠨ ᠨᠡᠪᠲᠡᠷᠡᠭᠦᠯᠬᠦ︾ ᠪᠠᠶᠢᠴᠠᠭᠠᠨ ᠰᠢᠯᠭᠠᠬᠤ ᠵᠠᠭᠪᠤᠷ ᠤᠨ ᠰᠢᠨ᠎ᠡ ᠶᠢ ᠡᠭᠦᠳᠴᠦ᠂ ᠵᠢᠭᠤᠯᠴᠢᠯᠠᠯ ᠤᠨ ᠪᠦᠯᠬᠦᠮ ᠳᠤᠭᠤᠶᠢᠯᠠᠩ ᠤᠨ ᠪᠦᠷᠢᠳᠬᠡᠨ ᠳᠠᠩᠰᠠᠯᠠᠵᠤ ᠤᠷᠢᠳᠴᠢᠯᠠᠨ ᠮᠡᠳᠡᠭᠡᠯᠡᠬᠦ᠂ ᠪᠣᠭᠤᠮᠲᠠ ᠪᠠᠷ ᠲᠦᠷᠭᠡᠨ ᠥᠩᠭᠡᠷᠡᠬᠦ ᠶᠢ ᠪᠡᠶᠡᠯᠡᠭᠦᠯᠵᠦ᠂ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠠᠶᠠᠨᠴᠢᠳ ᠤᠨ ᠥᠨᠳᠥᠷ ᠪᠦᠲᠦᠮᠵᠢᠲᠡᠶ ᠪᠥᠭᠡᠳ ᠳᠥᠭᠦᠮ ᠳᠥᠲᠡ ᠨᠡᠪᠲᠡᠷᠡᠬᠦ ᠶᠢ ᠪᠠᠳᠣᠯᠠᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号