ᠰᠤᠷᠪᠤᠯᠵᠢᠯᠠᠭᠴᠢ ᠡᠷᠢᠶᠡᠨ ᠪᠣᠭᠤᠮᠲᠠ ᠶᠢᠨ ᠬᠢᠯᠢ ᠪᠠᠷ ᠨᠡᠪᠳᠡᠷᠡᠬᠦ ᠬᠢᠯᠢ ᠶᠢᠨ ᠬᠠᠮᠠᠭᠠᠯᠠᠯᠲᠠ ᠶᠢᠨ ᠰᠢᠯᠭᠠᠨ | ᠪᠠᠶᠢᠴᠠᠭᠠᠬᠤ ᠥᠷᠲᠡᠭᠡ ᠠᠴᠠ ᠣᠶᠢᠯᠠᠭᠠᠭᠰᠠᠨ ᠢᠶᠠᠷ᠂ ᠡᠨᠡ ᠵᠢᠯ ᠤᠨ ᠲᠦᠷᠦᠭᠦᠤ 10 ᠰᠠᠷ᠎ᠠ ᠳᠤ᠂ ᠡᠷᠢᠶᠡᠨ | ᠪᠣᠭᠤᠮᠲᠠ ᠶᠢᠨ ᠬᠢᠯᠢ ᠪᠠᠷ ᠨᠡᠪᠳᠡᠷᠡᠬᠦ ᠬᠥᠮᠦᠰ 214.8 ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 86.7% ᠪᠠᠷ ᠨᠡᠮᠡᠭᠳᠡᠪᠡ᠃ | | | | | ᠡᠨᠡ ᠵᠢᠯ ᠠᠴᠠ ᠨᠠᠭᠠᠰᠢ᠂ ᠳᠤᠮᠳᠠᠳᠤ ᠮᠣᠩᠭᠤᠯ ᠤᠨ ᠬᠢᠯᠢ ᠬᠢᠵᠠᠭᠠᠷ ᠤᠨ ᠭᠠᠵᠠᠷ ᠣᠷᠣᠨ ᠤ | ᠵᠢᠭᠤᠯᠴᠢᠯᠠᠯ ᠤᠨ ᠦᠢᠯᠡᠰ ᠦᠷᠭᠦᠯᠵᠢᠯᠡᠨ ᠳᠤᠯᠠᠭᠠᠷᠠᠵᠤ᠂ ᠠᠷᠠᠯᠵᠢᠶ᠎ᠠ ᠬᠤᠳᠠᠯᠳᠤᠭᠠᠨ ᠤ ᠠᠵᠢᠯᠯᠠᠭ᠎ᠠ ᠶᠢᠨ | ᠬᠠᠯᠠᠮᠰᠢᠯ ᠨᠢ ᠪᠠᠭᠤᠷᠠᠬᠤ ᠥᠬᠡᠶ ᠪᠠᠶᠢᠵᠤ᠂ ᠪᠣᠭᠤᠮᠲᠠ ᠪᠠᠷ ᠣᠷᠣᠵᠤ ᠭᠠᠷᠬᠤ ᠬᠥᠮᠦᠰ ᠦᠷᠭᠦᠯᠵᠢᠯᠡᠨ ᠨᠡᠮᠡᠭᠳᠡᠪᠡ᠃ | ᠡᠨᠡ ᠵᠢᠯ ᠤᠨ ᠲᠦᠷᠦᠭᠦᠤ 10 ᠰᠠᠷ᠎ᠠ ᠳᠤ᠂ ᠲᠡᠮᠦᠷ ᠵᠠᠮ ᠤᠨ ᠪᠣᠭᠤᠮᠲᠠ ᠪᠠᠷ ᠣᠷᠣᠵᠤ ᠭᠠᠷᠬᠤ ᠬᠥᠮᠦᠰ 5.9 | ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 89.5% ᠪᠠᠷ ᠨᠡᠮᠡᠭᠳᠡᠪᠡ︔ | ᠵᠠᠰᠠᠮᠠᠯ ᠵᠠᠮ ᠤᠨ ᠪᠣᠭᠤᠮᠲᠠ ᠪᠠᠷ ᠣᠷᠣᠵᠤ ᠭᠠᠷᠬᠤ ᠬᠥᠮᠦᠰ 208.9 ᠲᠦᠮᠡᠨ ᠬᠥᠮᠦᠨ ᠤᠳᠠᠭ᠎ᠠ ᠳᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 71.1% ᠪᠠᠷ ᠨᠡᠮᠡᠭᠳᠡᠪᠡ᠃ | | | | | | ᠪᠣᠭᠤᠮᠲᠠ ᠶᠢᠨ ᠬᠢᠯᠢ ᠪᠠᠷ ᠨᠡᠪᠳᠡᠷᠡᠬᠦ ᠠᠶᠠᠨᠴᠢᠳ ᠤᠨ ᠲᠤᠭ᠎ᠠ ᠦᠷᠭᠦᠯᠵᠢᠯᠡᠨ ᠨᠡᠮᠡᠭᠳᠡᠵᠦ ᠪᠠᠶᠢᠭ᠎ᠠ | ᠪᠠᠶᠢᠳᠠᠯ ᠳᠤ ᠴᠢᠭᠯᠡᠭᠦᠯᠦᠨ᠂ ᠡᠷᠢᠶᠡᠨ ᠬᠤᠲᠠ ᠶᠢᠨ ᠬᠢᠯᠢ ᠪᠠᠷ ᠨᠡᠪᠳᠡᠷᠡᠬᠦ ᠬᠢᠯᠢ ᠶᠢᠨ ᠬᠠᠮᠠᠭᠠᠯᠠᠯᠲᠠ ᠶᠢᠨ ᠰᠢᠯᠭᠠᠨ | ᠪᠠᠶᠢᠴᠠᠭᠠᠬᠤ ᠥᠷᠲᠡᠭᠡ ᠶᠢᠨ ᠤᠷᠢᠳᠴᠢᠯᠠᠨ ᠪᠣᠯᠵᠣᠬᠤ ᠦᠢᠯᠡᠴᠢᠯᠡᠭᠡᠨ ᠤ ᠲᠠᠪᠴᠠᠩ ᠢ ᠵᠢᠷᠤᠵᠤ ᠲᠥᠯᠥᠪᠯᠡᠬᠦ ᠶᠢᠨ | ᠬᠠᠮᠲᠤ ᠲᠤᠷᠰᠢᠨ ᠠᠵᠢᠯᠯᠠᠭᠤᠯᠬᠤ ᠱᠠᠲᠤᠨ ᠳᠤ ᠣᠷᠣᠵᠤ᠂ ᠦᠢᠯᠡᠴᠢᠯᠡᠬᠦ ᠡᠲᠡᠭᠡᠳ ᠲᠤ ︽ᠤᠷᠢᠳᠴᠢᠯᠠᠨ ᠮᠡᠳᠡᠭᠡᠯᠡᠬᠦ | ᠂ ᠪᠣᠯᠵᠣᠨ ᠪᠣᠭᠤᠮᠲᠠ ᠪᠠᠷ ᠥᠩᠭᠡᠷᠡᠬᠦ︾ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠬᠠᠩᠭᠠᠵᠤ᠂ ᠳᠥᠭᠦᠮ ᠳᠥᠲᠡ | ᠂ ᠴᠢᠨᠠᠷ ᠰᠠᠶᠢᠲᠠᠶ ᠪᠣᠭᠤᠮᠲᠠ ᠪᠠᠷ ᠥᠩᠭᠡᠷᠡᠬᠦ ᠣᠶᠢᠯᠠᠭᠠᠯᠲᠠ ᠶᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ︽ | ᠤᠶᠤᠨᠲᠤ ᠬᠢᠯᠢ ᠶᠢᠨ ᠪᠠᠶᠢᠴᠠᠭᠠᠯᠲᠠ︾ ᠶᠢᠨ ᠪᠣᠭᠤᠮᠲᠠ ᠪᠠᠷ ᠲᠦᠷᠭᠡᠨ ᠥᠩᠭᠡᠷᠡᠬᠦ ᠬᠦᠴᠦᠨ ᠴᠢᠳᠠᠪᠤᠷᠢ ᠶᠢ | ᠪᠦᠲᠦᠮᠵᠢᠲᠡᠶ ᠳᠡᠭᠡᠭᠰᠢᠯᠡᠭᠦᠯᠪᠡ᠃ ᠬᠢᠯᠢ ᠶᠢᠨ ᠪᠠᠶᠢᠴᠠᠭᠠᠯᠲᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ | ᠦᠷᠭᠦᠯᠵᠢᠯᠡᠨ ᠰᠢᠯᠢᠳᠡᠭᠵᠢᠭᠦᠯᠵᠦ᠂ ︽ᠲᠤᠬᠠᠶ ᠶᠢᠨ ᠲᠠᠯᠠᠪᠤᠷ ᠠᠯᠤᠰᠯᠠᠨ ᠪᠠᠭ᠎ᠠ ᠨᠢᠭᠡᠴᠢ ᠶᠢ ᠲᠤᠰᠠᠯᠠᠬᠤ︾ ᠪᠠ ︽ | ᠡᠩ ᠤᠨ ᠦᠶ᠎ᠡ ᠠᠯᠤᠰᠯᠠᠵᠤ ᠡᠩ ᠤᠨ ᠦᠶ᠎ᠡ ᠳᠤ ᠲᠤᠰᠠᠯᠠᠬᠤ︾ ᠠᠮᠢᠳᠤᠯᠢᠭ ᠴᠠᠭᠳᠠᠭᠠᠨ ᠤ ᠦᠢᠯᠡᠴᠢᠯᠡᠭᠡᠨ ᠤ | ᠵᠠᠭᠪᠤᠷ ᠢ ᠪᠠᠶᠢᠩᠭᠤᠵᠢᠭᠤᠯᠤᠨ ᠠᠬᠢᠭᠤᠯᠵᠤ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠵᠢᠴᠢ ᠵᠣᠨ ᠤ | ᠠᠮᠠᠷᠠᠯᠲᠠ ᠶᠢᠨ ᠬᠤᠭᠤᠴᠠᠭᠠᠨ ᠤ ᠠᠶᠠᠨᠴᠢᠳ ᠤᠨ ᠤᠷᠤᠰᠬᠠᠯ ᠤᠨ ᠣᠷᠭᠢᠯ ᠦᠶ᠎ᠡ ᠶᠢᠨ ᠵᠢᠮ᠎ᠡ ᠶᠣᠰᠣᠨ ᠤ | ᠣᠨᠴᠠᠯᠢᠭ ᠢ ᠭᠦᠢᠴᠡᠳ ᠰᠤᠳᠤᠯᠤᠨ ᠮᠠᠭᠠᠳᠯᠠᠵᠤ᠂ ︽ᠬᠤᠶᠠᠷ ᠢ ᠨᠡᠶᠢᠲᠡᠯᠡᠵᠦ ᠨᠢᠭᠡ ᠶᠢ ᠰᠠᠨᠠᠭᠤᠯᠬᠤ︾ | ᠤᠷᠢᠳᠴᠢᠯᠠᠨ ᠮᠡᠳᠡᠭᠳᠡᠬᠦ ᠦᠢᠯᠡᠴᠢᠯᠡᠭᠡ ᠶᠢ ᠬᠡᠷᠡᠭᠵᠢᠭᠦᠯᠦᠨ᠂ ︽ᠬᠡᠰᠡᠭ ᠬᠤᠪᠢᠶᠠᠨ ᠤᠷᠤᠰᠬᠠᠯ ᠢ ᠡᠵᠡᠮᠳᠡᠬᠦ︾ ︽ | ᠴᠠᠭ ᠢ ᠤᠷᠲᠤᠳᠬᠠᠨ ᠪᠣᠭᠤᠮᠲᠠ ᠪᠠᠷ ᠥᠩᠭᠡᠷᠡᠬᠦ︾ ᠵᠡᠷᠭᠡ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠪᠣᠭᠤᠮᠲᠠ ᠶᠢᠨ ︽ | ᠬᠠᠷᠭᠤᠭᠤᠯᠤᠨ ᠪᠠᠶᠢᠴᠠᠭᠠᠬᠤ ᠳᠤ ᠤᠷᠢᠳᠠᠴᠢ ᠪᠠᠶᠢᠬᠤ᠂ ᠲᠦᠷᠭᠡᠨ ᠨᠡᠪᠲᠡᠷᠡᠭᠦᠯᠬᠦ︾ ᠪᠠᠶᠢᠴᠠᠭᠠᠨ ᠰᠢᠯᠭᠠᠬᠤ | ᠵᠠᠭᠪᠤᠷ ᠤᠨ ᠰᠢᠨ᠎ᠡ ᠶᠢ ᠡᠭᠦᠳᠴᠦ᠂ ᠵᠢᠭᠤᠯᠴᠢᠯᠠᠯ ᠤᠨ ᠪᠦᠯᠬᠦᠮ ᠳᠤᠭᠤᠶᠢᠯᠠᠩ ᠤᠨ ᠪᠦᠷᠢᠳᠬᠡᠨ ᠳᠠᠩᠰᠠᠯᠠᠵᠤ | ᠤᠷᠢᠳᠴᠢᠯᠠᠨ ᠮᠡᠳᠡᠭᠡᠯᠡᠬᠦ᠂ ᠪᠣᠭᠤᠮᠲᠠ ᠪᠠᠷ ᠲᠦᠷᠭᠡᠨ ᠥᠩᠭᠡᠷᠡᠬᠦ ᠶᠢ ᠪᠡᠶᠡᠯᠡᠭᠦᠯᠵᠦ᠂ ᠪᠣᠭᠤᠮᠲᠠ ᠪᠠᠷ ᠥᠩᠭᠡᠷᠡᠬᠦ | ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠠᠶᠠᠨᠴᠢᠳ ᠤᠨ ᠥᠨᠳᠥᠷ ᠪᠦᠲᠦᠮᠵᠢᠲᠡᠶ ᠪᠥᠭᠡᠳ ᠳᠥᠭᠦᠮ ᠳᠥᠲᠡ | ᠨᠡᠪᠲᠡᠷᠡᠬᠦ ᠶᠢ ᠪᠠᠳᠣᠯᠠᠨ᠎ᠠ᠃ | |