ᠡᠷᠢᠶᠡᠨ ᠪᠣᠭᠤᠮᠲᠠ ᠶᠢᠨ ᠲᠦᠷᠦᠭᠦᠤ 10 ᠰᠠᠷ᠎ᠠ ᠳᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ 1780.7 ᠲᠦᠮᠡᠨ ᠲᠣᠨ ᠪᠡᠶᠡᠯᠡᠭᠦᠯᠪᠡ
ᠨᠡᠶᠢᠲᠡᠯᠡᠭᠰᠡᠨ ᠴᠠᠭ᠄
2024/11/13
    ᠰᠤᠷᠪᠤᠯᠵᠢᠯᠠᠭᠴᠢ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ︵ᠪᠣᠭᠤᠮᠲᠠ ᠶᠢᠨ ᠠᠯᠪᠠᠨ ᠬᠡᠷ︶ ᠠᠴᠠ ᠣᠶᠢᠯᠠᠭᠠᠭᠰᠠᠨ ᠢᠶᠠᠷ᠂ ᠡᠨᠡ ᠵᠢᠯ ᠤᠨ ᠲᠦᠷᠦᠭᠦᠤ 10 ᠰᠠᠷ᠎ᠠ ᠳᠤ᠂ ᠡᠷᠢᠶᠡᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 1780.7 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.8% ᠪᠠᠷ ᠨᠡᠮᠡᠭᠳᠡᠪᠡ᠂ ᠡᠭᠦᠨ ᠳᠤ ᠲᠡᠮᠦᠷ ᠵᠠᠮ ᠤᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 1449.1 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.6% ᠪᠠᠷ ᠨᠡᠮᠡᠭᠳᠡᠪᠡ︔ ᠵᠠᠰᠠᠮᠠᠯ ᠵᠠᠮ ᠤᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 331.6 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 69.7% ᠪᠠᠷ ᠨᠡᠮᠡᠭᠳᠡᠪᠡ᠃      ᠡᠨᠡ ᠵᠢᠯ ᠠᠴᠠ ᠨᠠᠰᠢ᠂ ᠵᠠᠰᠠᠮᠠᠯ ᠵᠠᠮ ᠤᠨ ᠪᠣᠭᠤᠮᠲᠠ ᠭᠠᠳᠠᠭᠠᠳᠤ ᠠᠴᠠ ᠣᠷᠣᠭᠤᠯᠤᠭᠰᠠᠨ ᠨᠡᠭᠦᠷᠡᠰᠦ᠂ ᠬᠠᠶᠢᠯᠤᠭᠤᠷ ᠵᠣᠩᠰᠢ᠂ ᠲᠡᠮᠦᠷ ᠤᠨ ᠬᠦᠳᠡᠷ ᠵᠡᠷᠭᠡ ᠶᠡᠭᠡ ᠬᠡᠮᠵᠢᠶᠡᠨ ᠤ ᠠᠭᠤᠷᠬᠠᠢ ᠶᠢᠨ ᠭᠠᠷᠤᠯᠲᠠ ᠶᠢᠨ ᠲᠦᠷᠦᠯ ᠵᠦᠢᠯ ᠤᠨ ᠠᠬᠢᠭᠤᠯᠤᠯ ᠳᠣᠣᠷ᠎ᠠ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠢᠯᠡᠳᠲᠡ ᠨᠡᠮᠡᠭᠳᠡᠪᠡ᠃ ᠲᠡᠮᠦᠷ ᠵᠠᠮ ᠤᠨ ᠬᠢᠯᠢ ᠶᠢᠨ ᠪᠣᠭᠤᠮᠲᠠ ᠨᠢ ᠥᠩᠭᠡᠷᠡᠭᠰᠡᠨ ᠵᠢᠯ ᠤᠳ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠦᠢᠯᠡᠳᠬᠦᠨ ᠤ ᠲᠣᠭᠲᠠᠪᠤᠷᠢᠲᠤ ᠪᠠᠶᠢᠳᠠᠯ ᠢᠶᠠᠨ ᠪᠠᠲᠤᠯᠠᠪᠠ᠃      ᠨᠡᠭᠡᠭᠡᠯᠲᠡ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ᠡᠷᠢᠶᠡᠨ ᠪᠣᠭᠤᠮᠲᠠ ᠶᠢᠨ ᠬᠢᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠶᠠᠪᠤᠴᠠ ᠶᠢ ᠰᠢᠯᠢᠳᠡᠭᠵᠢᠭᠦᠯᠦᠨ᠂ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠲᠣᠭᠠᠴᠢᠯᠠᠭᠰᠠᠨ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠎ᠡ︔ 10 ᠳ᠋ᠤᠭᠠᠷ ᠰᠠᠷ᠎ᠠ ᠶᠢᠨ ᠰᠡᠭᠦᠯᠴᠢ ᠪᠠᠷ ︽ᠬᠢᠯᠢ ᠶᠢᠨ ᠪᠠᠶᠢᠴᠠᠭᠠᠯᠲᠠ ᠬᠢᠵᠦ ᠬᠠᠷᠢᠯᠴᠠᠨ ᠨᠡᠪᠲᠡᠷᠡᠭᠦᠯᠬᠦ︾ ᠶᠢ ᠤᠷᠢᠳᠴᠢᠯᠠᠨ ᠪᠣᠯᠵᠣᠬᠤ ᠦᠢᠯᠡᠴᠢᠯᠡᠭᠡᠨ ᠤ ᠲᠠᠪᠴᠠᠩ ᠢ ᠲᠤᠷᠰᠢᠨ ᠠᠵᠢᠯᠯᠠᠭᠤᠯᠵᠤ᠂ ᠪᠣᠭᠤᠮᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠤᠨ᠎ᠠ︔ ᠲᠡᠭᠡᠭᠡᠪᠦᠷᠢ ᠶᠢᠨ ᠰᠣᠯᠢᠵᠤ ᠠᠴᠢᠶᠠᠯᠠᠬᠤ ᠠᠵᠢᠯᠯᠠᠭᠠᠨ ᠤ ᠵᠠᠭᠪᠤᠷ ᠢ ᠰᠢᠯᠢᠳᠡᠭᠵᠢᠭᠦᠯᠵᠦ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠪᠠ ᠰᠢᠨ᠎ᠡ ᠡᠵᠡᠩᠨᠡᠯᠲᠡ ᠶᠢᠨ ᠪᠠᠶᠢᠳᠠᠯ ᠢ ᠣᠷᠭᠠᠨᠢᠭ ᠢᠶᠠᠷ ᠠᠭᠤᠰᠤᠯᠴᠠᠭᠤᠯᠬᠤ ᠶᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠡᠨᠧᠷᠭᠢ ᠣᠯᠭᠤᠬᠤ ᠵᠢᠰᠢᠶᠠᠨ ᠤ ᠭᠠᠯᠲᠤ ᠲᠡᠷᠭᠡ ᠶᠢᠨ ᠲᠤᠭ᠎ᠠ ᠬᠡᠮᠵᠢᠶ᠎ᠡ ᠶᠠᠰᠤ ᠴᠢᠨᠠᠷ ᠢ ᠵᠡᠷᠭᠡᠪᠡᠷ ᠳᠡᠭᠡᠭᠰᠢᠯᠡᠭᠦᠯᠦᠨ᠎ᠡ︔ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠬᠢᠭᠡᠳ ᠲᠡᠷᠭᠡᠨ ᠥᠷᠲᠡᠭᠡ᠂ ᠪᠣᠭᠤᠮᠲᠠ᠂ ᠬᠢᠯᠢ ᠶᠢᠨ ᠪᠠᠶᠢᠴᠠᠭᠠᠯᠲᠠ ᠵᠡᠷᠭᠡ ᠨᠢᠭᠡᠴᠢ ᠶᠢᠨ ᠬᠠᠮᠵᠢᠯᠴᠠᠬᠤ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠡᠯ᠎ᠡ ᠭᠤᠭᠴᠤᠭ᠎ᠠ ᠶᠢᠨ ᠮᠡᠳᠡᠭᠡ ᠵᠠᠩᠭᠢ ᠶᠢ ᠬᠠᠷᠢᠯᠴᠠᠨ ᠨᠡᠪᠲᠡᠷᠡᠯᠴᠡᠵᠦ ᠬᠠᠮᠲᠤ ᠪᠠᠷ ᠡᠳ᠋ᠯᠡᠬᠦ ᠶᠢ ᠪᠡᠶᠡᠯᠡᠭᠦᠯᠦᠨ᠂ ᠪᠠᠶᠢᠴᠠᠭᠠᠨ ᠰᠢᠯᠭᠠᠬᠤ ᠴᠠᠭ ᠢ ᠤᠯᠠᠮ ᠨᠢᠭᠡ ᠠᠯᠬᠤᠮ ᠪᠣᠭᠤᠨᠢᠰᠬᠠᠪᠠ︔ ᠬᠢᠯᠢ ᠶᠢᠨ ᠪᠣᠭᠤᠮᠲᠠ ᠪᠠᠷ ᠥᠩᠭᠡᠷᠡᠬᠦ ᠡᠯ᠎ᠡ ᠭᠤᠭᠴᠣᠭᠠᠨ ᠤ ᠠᠵᠢᠯ ᠤᠨ ᠶᠠᠪᠤᠴᠠ ᠶᠢ ᠬᠥᠳᠡᠯᠦᠩᠭᠦᠢ ᠪᠠᠷ ᠡᠮᠬᠢᠯᠡᠨ ᠲᠡᠭᠦᠯᠳᠡᠷᠵᠢᠭᠦᠯᠵᠦ᠂ 8 ᠲᠡᠷᠭᠡ ᠠᠴᠠ ᠳᠣᠷᠣᠭᠰᠢᠬᠢ ᠵᠢᠵᠢᠭ ᠬᠡᠯᠪᠡᠷᠢ ᠶᠢᠨ ᠲᠡᠷᠭᠡ ᠬᠥᠰᠬᠡ ᠶᠢᠨ ᠪᠣᠭᠤᠮᠲᠠ ᠪᠠᠷ ᠥᠩᠭᠡᠷᠡᠬᠦ ᠠᠵᠢᠯ ᠢ ᠬᠥᠳᠡᠯᠦᠩᠭᠦᠶ ᠪᠠᠷ ᠡᠮᠬᠢᠯᠡᠨ ᠲᠡᠭᠦᠯᠳᠡᠷᠵᠢᠭᠦᠯᠵᠦ᠂ ᠬᠢᠯᠢ ᠪᠠᠷ ᠣᠷᠣᠵᠤ ᠭᠠᠷᠬᠤ 8 ᠲᠡᠷᠭᠡ ᠬᠥᠰᠬᠡ ᠶᠢᠨ ᠪᠣᠭᠤᠮᠲᠠ ᠪᠠᠷ ᠲᠦᠷᠭᠡᠨ ᠥᠩᠭᠡᠷᠡᠬᠦ ᠶᠢ ᠪᠠᠲᠤᠯᠠᠵᠤ᠂ ᠪᠣᠭᠤᠮᠲᠠ ᠪᠠᠷ ᠥᠩᠭᠡᠷᠡᠬᠦ ︽ᠶᠡᠬᠡᠪᠡᠷ ᠣᠷᠣᠵᠤ ᠭᠠᠷᠴᠤ ᠲᠦᠷᠭᠡᠨ ᠣᠷᠣᠵᠤ ᠲᠦᠷᠭᠡᠨ ᠭᠠᠷᠬᠤ︾ ᠶᠢ ᠠᠬᠢᠭᠤᠯᠤᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号