ᠣᠳᠣᠬᠠᠨ ᠤ ᠮᠠᠨ ᠤ ᠤᠯᠤᠰ ᠤᠨ ᠠᠵᠤ ᠠᠬᠤᠢ ᠶᠢᠨ ᠪᠠᠶᠢᠳᠠᠯ ᠢ ᠬᠡᠷᠬᠢᠨ ᠦᠵᠡᠬᠦ ᠪᠤᠢ︖ ᠠᠷᠠᠳ ᠤᠨ ᠡᠳᠦᠷ ᠤᠨ ᠰᠣᠨᠢᠨ ᠤ ᠡᠨᠡ ᠵᠣᠬᠢᠶᠠᠯ ᠳᠤ ᠲᠣᠲᠤᠷᠬᠠᠢ ᠶᠠᠷᠢᠵᠠᠢ ︵ᠨᠢᠭᠡ︶
ᠨᠡᠶᠢᠲᠡᠯᠡᠭᠰᠡᠨ ᠴᠠᠭ᠄
2024/11/13
  ᠬᠦᠴᠢᠷ ᠪᠡᠷᠬᠡᠰᠢᠶᠡᠯ ᠳᠤ ᠵᠥᠪ ᠢᠶᠠᠷ ᠬᠠᠨᠳᠤᠬᠤ ᠮᠥᠷᠲᠡᠭᠡᠨ ᠢᠲᠡᠭᠡᠯ ᠵᠣᠷᠢᠭ ᠢᠶᠠᠨ ᠨᠡᠩ ᠪᠠᠲᠤᠳᠬᠠᠬᠤ ᠬᠡᠷᠡᠭᠲᠡᠢ    ᠷᠧᠨ ᠫᠢᠩ    ︵ᠨᠢᠭᠡ︶      ᠣᠳᠣᠬᠠᠨ ᠤ ᠮᠠᠨ ᠤ ᠤᠯᠤᠰ ᠤᠨ ᠠᠵᠤ ᠠᠬᠤᠢ ᠶᠢᠨ ᠪᠠᠶᠢᠳᠠᠯ ᠢ ᠬᠡᠷᠬᠢᠨ ᠦᠵᠡᠬᠦ ᠪᠤᠢ︖      ᠲᠦᠷᠦᠭᠦᠦ ᠭᠤᠷᠪᠠᠨ ᠤᠯᠠᠷᠢᠯ ᠤᠨ ᠠᠵᠤ ᠠᠬᠤᠢ ᠶᠢᠨ ᠳ᠋ᠡᠶᠢᠲ᠋ᠠ ᠶᠢ ᠣᠯᠠᠨ ᠢᠶᠠᠷ ᠢᠶᠠᠨ ᠨᠡᠶᠢᠳᠡᠮ ᠠᠩᠬᠠᠷᠴᠤ ᠬᠦᠭᠵᠢᠶᠡᠨᠲᠡᠢ ᠶᠠᠷᠢᠯᠴᠠᠵᠠᠭᠠᠵᠤ ᠪᠠᠶᠢᠨ᠎ᠠ᠃      ᠡᠭᠦᠨ ᠤ ᠳᠣᠲᠣᠷ᠎ᠠ᠂ ᠵᠠᠷᠢᠮ ᠬᠥᠮᠥᠨ ᠵᠥᠪᠬᠡᠨ ᠠᠰᠠᠭᠤᠳᠠᠯ ᠢ ᠯᠡ ᠣᠯᠵᠤ ᠦᠵᠡᠪᠡ᠃ ᠤᠯᠠᠷᠢᠯ ᠢᠶᠠᠷ ᠬᠤᠪᠢᠶᠠᠨ ᠦᠵᠡᠪᠡᠯ᠂ 5.3%᠂ 4.7%᠂ 4.6% ᠶᠢᠨ ᠠᠵᠤ ᠠᠬᠤᠶ ᠶᠢᠨ ᠠᠳᠠᠯᠢ ᠬᠤᠭᠤᠴᠠᠭ᠎ᠠ ᠲᠠᠢ ᠬᠠᠷᠢᠴᠠᠭᠤᠯᠤᠭᠰᠠᠨ ᠨᠡᠮᠡᠭᠳᠡᠯ ᠤᠨ ᠬᠤᠷᠳᠤᠴᠠ ᠨᠢ ᠪᠠᠭᠤᠷᠠᠬᠤ ᠬᠠᠨᠳᠦᠰᠢ ᠲᠠᠢ ᠪᠠᠶᠢᠨ᠎ᠠ᠃ ᠳᠠᠩ ᠭᠠᠭᠴᠠ ᠭᠤᠷᠪᠠᠳᠤᠭᠠᠷ ᠤᠯᠠᠷᠢᠯ ᠤᠨ 7᠂ 8 ᠳ᠋ᠤᠭᠠᠷ ᠰᠠᠷ᠎ᠠ ᠶᠢᠨ ᠭᠤᠣᠯ ᠪᠣᠯᠬᠤ ᠠᠵᠤ ᠠᠬᠤᠢ ᠶᠢᠨ ᠭᠦᠢᠴᠡᠳᠭᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠪᠠᠭᠤᠷᠠᠪᠠ᠃ ᠡᠭᠦᠨ ᠤ ᠤᠯᠠᠮ ᠠᠴᠠ ᠠᠵᠤ ᠠᠬᠤᠶ ᠶᠢᠨ ᠨᠡᠮᠡᠭᠳᠡᠯ ᠤᠨ ᠢᠷᠡᠭᠡᠳᠦᠶ ᠶᠢᠨ ᠲᠦᠯᠦᠪ᠂ ᠪᠦᠬᠦ ᠵᠢᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠵᠡᠷᠭᠡ ᠲᠠᠯ᠎ᠠ ᠪᠠᠷ ᠡᠷᠡᠭᠡᠯᠵᠡᠭᠡ ᠲᠠᠢ ᠪᠤᠯᠤᠭᠰᠠᠨ ᠪᠠᠶᠢᠨ᠎ᠠ᠃      ᠨᠡᠩ ᠤᠯᠠᠨ ᠬᠦᠮᠦᠨ ᠬᠦᠴᠢᠷ ᠪᠡᠷᠬᠡᠰᠢᠶᠡᠯ ᠳᠤ ᠵᠥᠪ ᠢᠶᠠᠷ ᠬᠠᠨᠳᠤᠭᠰᠠᠨ ᠢᠶᠠᠷ ᠪᠠᠷᠠᠬᠤ ᠦᠭᠡᠢ᠂ ᠨᠡᠩ ᠴᠤ ᠠᠰᠢᠭᠲᠠᠢ ᠨᠥᠬᠦᠴᠡᠯ ᠪᠠ ᠬᠦᠴᠦᠨ ᠵᠦᠢᠯ ᠢ ᠣᠯᠵᠤ ᠦᠵᠡᠭᠰᠡᠨ ᠪᠠᠶᠢᠨ᠎ᠠ᠃ ᠲᠦᠷᠦᠭᠦᠤ ᠭᠤᠷᠪᠠᠨ ᠤᠯᠠᠷᠢᠯ ᠳᠤ᠂ ᠮᠠᠨ ᠤ ᠤᠯᠤᠰ ᠤᠨ ᠠᠵᠤ ᠠᠬᠤᠶ ᠠᠳᠠᠯᠢ ᠬᠤᠭᠤᠴᠠᠭᠠᠨ ᠤ ᠬᠢ ᠠᠴᠠ 4.8% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠳᠡᠯᠡᠬᠡᠶ ᠶᠢᠨ ᠭᠤᠤᠯ ᠪᠣᠯᠬᠤ ᠠᠵᠤ ᠠᠬᠤᠶ ᠶᠢᠨ ᠴᠣᠭᠴᠠ ᠶᠢᠨ ᠳᠣᠲᠣᠷ᠎ᠠ ᠡᠮᠦᠨ᠎ᠡ ᠡᠩᠨᠡᠭᠡᠨ ᠳᠤ ᠣᠷᠣᠪᠠ︔ ᠣᠨᠴᠠ ᠵᠠᠷᠢᠮ ᠠᠵᠤ ᠠᠬᠤᠶ ᠶᠢᠨ ᠴᠣᠭᠴᠠ ᠶᠢᠨ ᠨᠡᠮᠡᠭᠳᠡᠯ ᠤᠨ ᠬᠤᠷᠳᠤᠴᠠ ᠨᠢ ᠬᠡᠳᠦᠢ ᠪᠠᠷ ᠬᠠᠷᠢᠴᠠᠩᠭᠤᠶ ᠪᠠᠷ ᠨᠡᠯᠢᠶᠡᠳ ᠥᠨᠳᠥᠷ ᠪᠠᠶᠢᠭ᠎ᠠ ᠪᠣᠯᠪᠠᠴᠤ ᠲᠡᠭᠦᠨ ᠤ ᠠᠵᠤ ᠠᠬᠤᠶ ᠶᠢᠨ ᠶᠡᠷᠦᠩᠬᠡᠶ ᠬᠡᠮᠵᠢᠶ᠎ᠡ ᠪᠠ ᠨᠡᠮᠡᠭᠳᠡᠯ ᠤᠨ ᠬᠡᠮᠵᠢᠶ᠎ᠡ ᠨᠢ ᠮᠠᠨ ᠤ ᠬᠢ ᠲᠠᠢ ᠠᠳᠠᠯᠢ ᠬᠡᠮᠵᠢᠶᠡᠨ ᠤ ᠳᠡᠰ ᠲᠤ ᠪᠠᠶᠢᠬᠤ ᠦᠭᠡᠢ᠃ ᠨᠡᠩ ᠴᠢᠬᠤᠯᠠ ᠨᠢ᠂ ᠪᠢᠳᠡ ᠪᠦᠲᠦᠴᠡ ᠶᠢ ᠰᠢᠯᠢᠳᠡᠭᠵᠢᠭᠦᠯᠬᠦ᠂ ᠬᠦᠳᠡᠯᠭᠡᠭᠴᠢ ᠡᠨᠧᠷᠭᠢ ᠶᠢ ᠬᠤᠪᠢᠷᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ ᠤᠷᠢᠲᠠᠯ ᠳᠣᠣᠷ᠎ᠠ ᠲᠤᠭ᠎ᠠ ᠬᠡᠮᠵᠢᠶ᠎ᠡ ᠶᠢᠨ ᠵᠦᠢ ᠵᠣᠬᠢᠰᠲᠠᠢ ᠨᠡᠮᠡᠭᠳᠡᠯ ᠢ ᠪᠠᠲᠤᠯᠠᠭᠰᠠᠨ ᠪᠠᠶᠢᠨ᠎ᠠ᠃ ᠪᠦᠬᠦ ᠳᠡᠯᠡᠬᠡᠢ ᠶᠢ ᠪᠠᠷᠠᠯᠠᠬᠤᠶ᠎ᠠ᠂ ︽ᠠᠳᠡᠬᠢ ᠦᠵᠡᠮᠵᠢ ᠠᠲᠠᠪᠠᠰᠢ ᠭᠤᠶᠤ ᠪᠠᠶᠢᠪᠠ︾᠃      ᠨᠢᠭᠡ ᠬᠡᠰᠡᠭ ᠬᠤᠭᠤᠴᠠᠭᠠᠨ ᠳᠤ ᠭᠠᠷᠤᠭᠰᠠᠨ ᠬᠦᠴᠢᠷᠳᠡᠯ ᠪᠠ ᠠᠰᠠᠭᠤᠳᠠᠯ ᠢ ᠲᠡᠬᠢᠭᠠᠦᠠ ᠠᠪᠴᠤ ᠦᠵᠡᠶ᠎ᠡ᠃ ᠡᠭᠦᠨ ᠢ ᠬᠤᠷᠢᠶᠠᠩᠭᠤᠶᠢᠯᠠᠪᠠᠯ ᠭᠤᠣᠯᠳᠠᠭᠤ ᠳᠣᠣᠷᠠᠬᠢ ᠮᠡᠲᠦ ᠲᠦᠷᠪᠡᠨ ᠲᠠᠯ᠎ᠠ ᠪᠠᠷ ᠢᠯᠡᠷᠡᠵᠦ ᠪᠠᠶᠢᠨ᠎ᠠ᠄      ᠨᠢᠭᠡ ᠳᠤ᠂ ᠭᠠᠳᠠᠭᠠᠳᠦ ᠣᠷᠴᠢᠨ ᠨᠦᠬᠦᠴᠡᠯ ᠨᠠᠩ ᠨᠠᠷᠢᠨ ᠪᠤᠳᠤᠯᠢᠶᠠᠨᠲᠠᠶ ᠪᠦᠭᠡᠳ ᠬᠦᠨᠳᠦ ᠭᠡᠴᠡᠭᠦᠦ ᠪᠤᠯᠵᠤ ᠪᠠᠶᠢᠨ᠎ᠠ᠃ ᠳᠡᠯᠡᠬᠡᠶ ᠶᠢᠨ ᠠᠵᠤ ᠠᠬᠤᠶ ᠶᠢᠨ ᠲᠣᠭᠲᠠᠭᠤᠨ ᠪᠤᠰᠤ ᠴᠢᠨᠠᠷ ᠴᠢᠩᠭᠠᠷᠠᠵᠤ᠂ ᠣᠯᠠᠨ ᠤᠯᠤᠰ ᠤᠨ ᠤᠯᠤᠰ ᠲᠥᠷᠥ ᠶᠢᠨ ᠲᠣᠭᠲᠠᠪᠤᠷᠢᠲᠤ ᠪᠤᠰᠤ ᠴᠢᠨᠠᠷ ᠨᠡᠮᠡᠭᠳᠡᠵᠦ᠂ ᠪᠦᠬᠦ ᠪᠥᠮᠪᠥᠷᠴᠡᠭ ᠤᠨ ᠠᠷᠠᠯᠵᠢᠶᠠᠨ ᠤ ᠬᠠᠮᠠᠭᠠᠯᠠᠯᠲᠠ ᠰᠢᠷᠦᠭᠦᠰᠴᠦ ᠂ ᠵᠠᠷᠢᠮ ᠤᠯᠤᠰ ᠤᠳ ᠤᠨ ᠪᠦᠰᠡᠯᠡᠵᠦ ᠬᠤᠷᠢᠭᠯᠠᠬᠤ ᠠᠯᠪᠠᠳᠠᠵᠤ ᠳᠠᠷᠤᠩᠭᠤᠶᠢᠯᠠᠬᠤ ᠪᠠᠶᠢᠳᠠᠯ ᠦᠷᠭᠦᠯᠵᠢᠯᠡᠨ ᠨᠡᠮᠡᠭᠳᠡᠵᠦ᠂ ᠮᠠᠨ ᠤ ᠤᠯᠤᠰ ᠤᠨ ᠭᠠᠳᠠᠭᠠᠳᠤ ᠠᠷᠠᠯᠵᠢᠶ᠎ᠠ ᠪᠠ ᠭᠠᠳᠠᠭᠠᠳᠤ ᠪᠡᠯᠡ ᠶᠢ ᠲᠤᠭᠲᠠᠭᠤᠨ ᠪᠠᠶᠢᠯᠭᠠᠬᠤ ᠳᠠᠷᠤᠯᠲᠠ ᠨᠡᠮᠡᠭᠳᠡᠵᠦ ᠪᠠᠶᠢᠨ᠎ᠠ᠃      ᠬᠤᠶᠠᠷ ᠲᠤ᠂ ᠳᠤᠲᠤᠭᠠᠲᠦ ᠬᠡᠷᠡᠭᠴᠡᠭᠡ ᠤᠷᠤᠭᠰᠢ ᠦᠭᠡᠢ ᠪᠠᠶᠢᠨ᠎ᠠ᠃ ᠰᠠᠭᠤᠭᠠᠯᠢ ᠠᠷᠠᠳ ᠤᠨ ᠬᠡᠷᠡᠭᠯᠡᠭᠡ ᠶᠢᠨ ᠴᠢᠳᠠᠪᠤᠷᠢ ᠪᠣᠯᠤᠨ ᠬᠡᠷᠡᠭᠯᠡᠭᠡ ᠶᠢᠨ ᠬᠦᠰᠡᠯ ᠡᠷᠡᠮᠡᠯᠵᠡᠯ ᠴᠢᠩᠭ᠎ᠠ ᠪᠢᠰᠢ᠂ ᠪᠡᠯᠡ ᠣᠷᠣᠭᠤᠯᠤᠯᠲᠠ ᠶᠢ ᠲᠤᠭᠲᠠᠭᠤᠨ ᠪᠠᠶᠢᠯᠭᠠᠬᠤ ᠬᠦᠴᠢᠷᠳᠡᠯ ᠨᠡᠮᠡᠭᠳᠡᠵᠦ᠂ ᠠᠷᠠᠳ ᠤᠨ ᠪᠡᠯᠡ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠬᠦ ᠴᠢᠬᠤᠯᠠ ᠲᠠᠢ ᠪᠠᠶᠢᠨ᠎ᠠ᠃      ᠭᠤᠷᠪᠠ ᠳᠤ᠂ ᠵᠠᠷᠢᠮ ᠠᠵᠤ ᠠᠬᠤᠶᠢᠯᠠᠯ ᠤᠨ ᠡᠵᠡᠩᠨᠡᠯᠲᠡ ᠬᠦᠴᠢᠷᠳᠡᠯ ᠲᠠᠢ ᠪᠠᠶᠢᠵᠦ᠂ ᠪᠣᠷᠤᠯᠠᠭᠤᠯᠭ᠎ᠠ ᠮᠠᠭᠤᠲᠠᠬᠤ᠂ ᠦᠷ᠎ᠡ ᠠᠰᠢᠭ ᠪᠠᠭᠠᠰᠬᠤ᠂ ᠵᠠᠬ᠎ᠠ ᠳᠡᠯᠭᠡᠭᠦᠷ ᠤᠨ ᠵᠢᠱᠢᠯᠲᠠ ᠮᠠᠭᠤᠲᠠᠬᠤ ᠬᠠᠨᠳᠤᠰᠢ ᠲᠠᠢ ᠪᠠᠶᠢᠬᠤ ᠵᠡᠷᠭᠡ ᠪᠠᠶᠢᠳᠠᠯ ᠳᠤ ᠲᠤᠯᠭᠠᠷᠠᠵᠤ ᠪᠤᠢ᠃      ᠳᠥᠷᠪᠡ ᠳᠤ᠂ ᠵᠠᠷᠢᠮ ᠬᠦᠷᠢᠶᠡᠨ ᠳᠠᠬᠢ ᠠᠶᠤᠯ ᠲᠦᠭᠰᠢᠭᠦᠷᠢ ᠶᠢᠨ ᠳᠠᠯᠳᠠ ᠭᠡᠮ ᠨᠡᠯᠢᠶᠡᠳ ᠠᠷᠪᠢᠨ ᠪᠠᠶᠢᠨ᠎ᠠ᠃ ᠵᠠᠷᠢᠮ ᠣᠷᠣᠨ ᠨᠤᠲᠤᠭᠴᠢᠯᠠᠭᠰᠠᠨ ᠥᠷᠢ ᠥᠭᠴᠡᠭᠡ ᠶᠢᠨ ᠬᠦᠴᠢᠷᠳᠡᠯ ᠨᠡᠯᠢᠶᠡᠳ ᠶᠡᠭᠡ ᠪᠠᠶᠢᠵᠤ᠂ ᠵᠠᠷᠢᠮ ᠦᠨᠳᠦᠰᠦᠨ ᠱᠠᠲᠤᠨ ᠤ ᠡᠳ᠋ ᠤᠨ ᠵᠠᠰᠠᠭ ᠬᠦᠴᠢᠷᠳᠡᠯ ᠲᠠᠢ ᠪᠠᠶᠢᠵᠤ᠂ ᠵᠠᠷᠢᠮ ᠠᠵᠤ ᠠᠬᠤᠶᠢᠯᠠᠯ ᠠᠴᠠ ᠠᠵᠢᠯᠲᠠᠨ ᠢᠶᠠᠨ ᠬᠠᠰᠤᠵᠤ ᠴᠠᠯᠢᠩ ᠢᠶᠠᠨ ᠪᠠᠭᠤᠷᠠᠭᠤᠯᠬᠤ ᠪᠠᠶᠢᠳᠠᠯ ᠢᠯᠡᠷᠡᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠤᠨ ᠠᠵᠢᠯ ᠣᠯᠭᠤᠯᠲᠠ ᠶᠢᠨ ᠳᠠᠷᠤᠯᠲᠠ ᠨᠡᠮᠡᠭᠳᠡᠵᠦ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠤᠳᠠᠭᠠᠰᠢᠷᠠᠵᠤ ᠪᠠᠶᠢᠨ᠎ᠠ᠃      ᠬᠦᠴᠢᠷᠳᠡᠯ ᠳᠤ ᠵᠥᠪ ᠢᠶᠠᠷ ᠬᠠᠨᠳᠤᠬᠤ ᠮᠥᠷᠲᠡᠭᠡᠨ ᠨᠡᠩ ᠴᠤ ᠢᠲᠡᠭᠡᠯ ᠵᠣᠷᠢᠭ ᠢᠶᠠᠨ ᠪᠠᠲᠤᠳᠬᠠᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ᠄ ︽ᠶᠠᠮᠠᠷ ᠦᠶ᠎ᠡ ᠳᠤ ᠬᠦᠴᠢᠷᠳᠡᠯ ᠪᠠᠶᠢᠭᠰᠠᠨ ᠦᠭᠡᠢ ᠪᠤᠢ︖ ᠨᠢᠭᠡ ᠨᠢᠭᠡ ᠪᠠᠷ ᠦᠩᠭᠡᠷᠡᠭᠦᠯᠵᠤ᠂ ᠵᠢᠯ ᠵᠢᠯ ᠢᠶᠠᠷ ᠦᠩᠭᠡᠷᠡᠭᠦᠯᠵᠤ᠂ ᠵᠢᠯ ᠠᠴᠠ ᠵᠢᠯ ᠰᠠᠶᠢᠨ ᠪᠣᠯᠳᠠᠭ᠂ ᠳᠤᠮᠳᠠᠳᠤ ᠶᠢᠨ ᠦᠨᠳᠦᠰᠦᠲᠡᠨ 5000 ᠭᠠᠷᠤᠢ ᠵᠢᠯ ᠤᠨ ᠲᠤᠷᠰᠢ ᠪᠦᠷ ᠯᠡ ᠢᠩᠭᠢᠵᠦ ᠢᠷᠡᠵᠡᠢ᠃ ᠵᠠᠩᠭᠢᠯᠠᠭ᠎ᠠ ᠨᠢ ᠢᠲᠡᠭᠡᠯ ᠵᠣᠷᠢᠭ ᠢᠶᠠᠨ ᠬᠥᠪᠴᠢᠯᠡᠬᠦ ᠳᠤ ᠪᠤᠢ᠃      ᠣᠳᠣᠬᠠᠨ ᠳᠤ ᠪᠢᠳᠡᠨ ᠤ ᠲᠤᠯᠭᠠᠷᠠᠵᠤ ᠪᠠᠶᠢᠭ᠎ᠠ ᠬᠦᠴᠢᠷᠳᠡᠯ ᠪᠣᠯ ᠬᠥᠭᠵᠢᠯᠲᠡ ᠶᠢᠨ ᠳᠤᠮᠳᠠᠬᠢ ᠠᠰᠠᠭᠤᠳᠠᠯ᠂ ᠬᠡᠯᠪᠡᠷᠢ ᠪᠠᠨ ᠬᠤᠪᠢᠷᠠᠭᠤᠯᠬᠤ ᠳᠤᠮᠳᠠᠬᠢ ᠡᠪᠡᠷᠰᠢᠶᠡᠯ ᠲᠡᠳᠦᠢ᠂ ᠴᠢᠷᠮᠠᠶᠢᠯᠭ᠎ᠠ ᠪᠠᠷ ᠳᠠᠮᠵᠢᠨ ᠪᠦᠷᠢᠮᠦᠰᠦᠨ ᠳᠠᠪᠠᠵᠤ ᠭᠠᠷᠴᠦ ᠪᠣᠯᠬᠤ ᠶᠤᠮ᠃      ᠡᠨᠡ ᠵᠢᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠵᠦ᠂ ᠯᠠᠪᠳᠠᠭᠤᠨ ᠲᠣᠭᠲᠠᠭᠤᠨ ᠢᠶᠠᠷ ᠠᠷᠭᠠᠴᠠᠭᠠᠵᠤ᠂ ᠤᠨᠴᠠᠭᠠᠶᠢᠯᠠᠨ ᠠᠵᠤ ᠠᠬᠤᠢ ᠶᠢᠨ ᠠᠵᠢᠯᠯᠠᠭᠠᠨ ᠤ ᠳᠤᠮᠳᠠᠬᠢ ᠰᠢᠨ᠎ᠡ ᠪᠠᠶᠢᠳᠠᠯ ᠰᠢᠨ᠎ᠡ ᠠᠰᠠᠭᠤᠳᠠᠯ ᠳᠤ ᠴᠢᠭᠯᠡᠭᠦᠯᠦᠨ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠵᠤ᠂ ᠡᠷᠡᠰ ᠰᠢᠭᠤᠷᠬᠠᠢ ᠪᠠᠷ ᠠᠷᠭ᠎ᠠ ᠤᠬᠠᠭᠠᠨ ᠭᠠᠷᠭᠠᠵᠤ᠂ ᠠᠯᠢ ᠤᠯᠠᠨ ᠨᠡᠮᠡᠭᠳᠡᠯ ᠤᠨ ᠲᠦᠷᠦ ᠶᠢᠨ ᠪᠤᠳᠤᠯᠭ᠎ᠠ ᠶᠢ ᠴᠠᠭ ᠲᠤᠬᠠᠢ ᠳᠤ ᠨᠢ ᠬᠡᠷᠡᠭᠵᠢᠭᠦᠯᠵᠦ᠂ ᠨᠢᠭᠡ ᠢᠵᠢ ︽ᠬᠠᠮ ᠠᠷᠭ᠎ᠠ︾ ᠭᠠᠷᠭᠠᠵᠤ᠂ ᠠᠵᠤ ᠠᠬᠤᠢ ᠶᠢᠨ ᠲᠣᠭᠲᠠᠭᠤᠨ ᠢᠶᠠᠷ ᠦᠭᠡᠳᠡᠯᠡᠨ ᠳᠠᠪᠰᠢᠬᠤ᠂ ᠪᠦᠲᠦᠴᠡ ᠶᠢᠨ ᠰᠢᠯᠢᠳᠡᠭᠵᠢᠬᠦ᠂ ᠬᠥᠭᠵᠢᠯᠲᠡ ᠶᠢᠨ ᠪᠠᠶᠢᠳᠠᠯ ᠤᠨ ᠦᠷᠭᠦᠯᠵᠢᠯᠡᠨ ᠰᠠᠶᠢᠵᠢᠷᠠᠬᠤ ᠶᠢ ᠬᠦᠴᠦᠯᠡᠨ ᠠᠬᠢᠭᠤᠯᠪᠠ᠃      ᠦᠷ᠎ᠡ ᠳ᠋ᠦᠩ ᠨᠢ ᠢᠯᠡᠷᠬᠡᠢ ᠪᠤᠯᠵᠦ ᠪᠠᠶᠢᠨ᠎ᠠ᠃ 9 ᠳ᠋ᠦ᠋ᠭᠡᠷ ᠰᠠᠷ᠎ᠠ ᠠᠴᠠ ᠨᠠᠭᠠᠰᠢ᠂ ᠠᠵᠤ ᠤᠶᠢᠯᠡᠤᠨᠪᠦᠷᠢ᠂ ᠬᠡᠷᠡᠭᠯᠡᠭᠡ᠂ ᠪᠠᠯᠠ ᠤᠷᠤᠭᠤᠯᠤᠯᠲᠠ ᠪᠠ ᠰᠲ᠋ᠤᠺ ᠤᠨ ᠵᠠᠬ᠎ᠠ ᠳᠡᠯᠭᠡᠭᠦᠷ᠂ ᠭᠡᠷ ᠪᠠᠶᠢᠰᠢᠩ ᠤᠨ ᠵᠠᠬ᠎ᠠ ᠳᠡᠯᠭᠡᠭᠦᠷ ᠵᠡᠷᠬᠡ ᠬᠦᠷᠢᠶᠠᠨ ᠳᠠᠬᠢ ᠠᠵᠤ ᠠᠬᠤᠢ ᠶᠢᠨ ᠠᠵᠢᠯᠯᠠᠭᠠᠨ ᠤ ᠢᠲᠡᠪᠭᠢᠲᠠᠢ ᠬᠤᠪᠢᠷᠠᠯᠲᠠ ᠤᠯᠠᠮ ᠠᠴᠠ ᠤᠯᠠᠮ ᠤᠯᠠᠨ ᠪᠤᠯᠵᠤ᠂ ᠵᠠᠬ᠎ᠠ ᠲᠡᠯᠭᠡᠭᠦᠷ ᠤᠨ ᠢᠲᠡᠬᠡᠯ ᠵᠤᠷᠢᠭ ᠴᠢᠩᠭᠠᠷᠠᠵᠤ᠂ ᠨᠡᠶᠢᠬᠡᠮ ᠤᠨ ᠵᠢᠱᠢᠯᠲᠠ ᠰᠠᠶᠢᠵᠢᠷᠠᠵᠤ᠂ ᠴᠦᠬᠡᠨ ᠪᠤᠰᠤ ᠠᠵᠤ ᠠᠬᠤᠢ ᠶᠢᠨ ᠭᠦᠢᠴᠡᠳᠭᠡᠯ ᠲᠤᠭᠠᠨ ᠤ ᠨᠡᠮᠡᠭᠲᠡᠯ ᠤᠨ ᠬᠤᠷᠲᠤᠴᠠ ᠲᠡᠬᠡᠭᠰᠢᠯᠡᠵᠡᠢ᠃      ᠶᠡᠷᠦᠩᠬᠡᠢ ᠳᠤ ᠨᠢ ᠠᠪᠴᠤ ᠦᠵᠡᠪᠡᠯ᠂ ᠪᠢᠳᠡ ᠪᠠᠭᠤᠷᠠᠯᠲᠠ ᠶᠢᠨ ᠳᠠᠷᠤᠯᠲᠠ ᠶᠢ ᠲᠤᠯᠵᠤ᠂ ᠬᠦᠴᠢᠷ ᠪᠡᠷᠬᠡᠰᠢᠶᠡᠯ ᠥᠷᠢᠰᠥᠯᠳᠦᠭᠡᠨ ᠢ ᠢᠯᠠᠨ ᠳᠠᠪᠠᠵᠤ᠂ ᠠᠵᠤ ᠠᠬᠤᠢ ᠶᠢᠨ ᠲᠣᠭᠲᠠᠭᠤᠨ ᠡᠷᠭᠢᠯᠲᠡ᠂ ᠪᠦᠲᠦᠴᠡ ᠶᠢ ᠲᠤᠬᠢᠷᠠᠭᠤᠯᠤᠨ ᠰᠢᠯᠢᠳᠡᠭᠵᠢᠭᠦᠯᠬᠦ᠂ ᠠᠷᠠᠳ ᠤᠨ ᠠᠮᠢᠳᠤᠷᠠᠯ ᠦᠷᠭᠦᠯᠵᠢᠯᠡᠨ ᠰᠠᠶᠢᠵᠢᠷᠠᠵᠤ ᠪᠠᠶᠢᠭ᠎ᠠ ᠬᠥᠭᠵᠢᠯᠲᠡ ᠶᠢᠨ ᠪᠠᠶᠢᠳᠠᠯ᠂ ᠠᠵᠤ ᠠᠬᠤᠢ ᠶᠢᠨ ᠠᠵᠢᠯᠯᠠᠭᠠᠨ ᠨᠢ ᠪᠠᠭᠤᠷᠠᠯᠲᠠ ᠶᠢᠨ ᠶᠠᠪᠤᠴᠠ ᠳᠤ ᠪᠠᠶᠢᠭᠰᠠᠨ ᠠᠴᠠ ᠪᠠᠨ ᠰᠠᠭᠤᠷᠢ ᠶᠢ ᠨᠢ ᠪᠠᠬᠢᠵᠢᠭᠦᠯᠬᠦ ᠪᠣᠯᠵᠤ ᠳᠠᠬᠢᠨ ᠳᠡᠭᠡᠭᠰᠢᠯᠡᠬᠦ ᠬᠤᠪᠢᠷᠠᠯᠲᠠ ᠶᠢᠨ ᠪᠠᠶᠢᠳᠠᠯ ᠲᠡᠶᠢᠰᠢ ᠤᠯᠠᠷᠢᠵᠤ ᠬᠤᠪᠢᠷᠠᠭᠰᠠᠨ ᠨᠢ ᠤᠯᠠᠮ ᠠᠴᠠ ᠤᠯᠠᠮ ᠢᠯᠡᠷᠬᠡᠢ ᠪᠣᠯᠵᠤ ᠪᠠᠶᠢᠨ᠎ᠠ᠃      ᠦᠯᠡᠳᠡᠭᠡᠯ ᠲᠥᠷᠥ ᠶᠢᠨ ᠪᠣᠳᠣᠯᠭ᠎ᠠ ᠶᠢᠨ ᠦᠷᠭᠦᠯᠵᠢᠯᠡᠨ ᠦᠷ᠎ᠡ ᠨᠦᠯᠦᠭᠡ ᠭᠠᠷᠭᠠᠬᠤ ᠶᠢ ᠳᠠᠭᠠᠯᠳᠤᠨ᠂ ᠨᠡᠮᠡᠭᠳᠡᠯ ᠤᠨ ᠲᠥᠷᠥ ᠶᠢᠨ ᠪᠣᠳᠣᠯᠭ᠎ᠠ ᠶᠢ ᠲᠦᠷᠭᠡᠳᠬᠡᠨ ᠨᠠᠶᠢᠳᠠᠪᠤᠷᠢᠵᠢᠭᠤᠯᠵᠤ᠂ ᠲᠥᠷᠥ ᠶᠢᠨ ᠪᠣᠳᠣᠯᠭ᠎ᠠ ᠶᠢᠨ ᠨᠡᠶᠢᠯᠡᠮᠡᠯ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠢᠳᠡᠪᠬᠢ ᠬᠦᠴᠦᠨ ᠵᠦᠢᠯ ᠪᠠ ᠠᠰᠢᠭᠲᠠᠢ ᠨᠥᠬᠦᠴᠡᠯ ᠢ ᠲᠠᠰᠤᠷᠠᠯᠲᠠ ᠦᠭᠡᠢ ᠨᠡᠮᠡᠭᠳᠡᠭᠦᠯᠵᠦ ᠂ ᠳᠥᠷᠪᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯᠯᠠᠭᠠᠨ ᠤ ᠶᠡᠭᠡ ᠲᠥᠯᠥᠪᠰᠢᠷᠡᠯ ᠰᠠᠶᠢᠵᠢᠷᠠᠬᠤ ᠬᠠᠨᠳᠤᠰᠢ ᠲᠠᠢ ᠪᠣᠯᠵᠤ ᠂ ᠪᠥᠬᠦ ᠵᠢᠯ ᠳᠤ ᠠᠵᠤ ᠠᠬᠤᠢ ᠶᠢᠨ ᠨᠡᠮᠡᠭᠳᠡᠯ ᠤᠨ ᠵᠢᠱᠢᠭᠰᠡᠨ ᠬᠠᠷᠠᠯᠲᠠ ᠶᠢ ᠪᠡᠶᠡᠯᠡᠭᠦᠯᠬᠦ ᠪᠣᠯᠣᠮᠵᠢᠲᠠᠢ ᠪᠠᠶᠢᠨ᠎ᠠ᠃      ᠲᠦᠷᠦᠭᠦᠬᠡᠨ᠂ ᠣᠯᠠᠨ ᠤᠯᠤᠰ ᠤᠨ ᠵᠣᠭᠤᠰᠣᠨ ᠤ ᠰᠠᠭᠤᠷᠢ ᠮᠥᠩᠭᠦᠨ ᠤ ᠵᠣᠬᠢᠶᠠᠨ ᠪᠠᠶᠢᠭᠤᠯᠤᠯᠲᠠ ᠶᠢᠨ ᠵᠢᠱᠢᠯᠲᠡ ᠪᠠᠷ᠂ ᠳᠡᠯᠡᠬᠡᠶ ᠶᠢᠨ ᠠᠵᠤ ᠠᠬᠤᠶ ᠶᠢᠨ ᠨᠡᠮᠡᠭᠳᠡᠯ ᠠᠯᠲᠠᠨ ᠲᠣᠭᠤᠰᠬ᠎ᠠ ᠤᠯᠤᠰ ᠤᠳ ᠲᠤ ᠨᠡᠩ ᠲᠦᠰᠢᠭᠯᠡᠨ᠎ᠡ᠃ ᠫᠸᠡᠭ ᠪᠦᠸᠧ ᠬᠤᠷᠢᠶ᠎ᠠ ᠶᠢᠨ ᠦᠵᠡᠬᠦ ᠪᠠᠷ᠂ ᠳᠤᠮᠳᠠᠳᠤ ᠤᠯᠤᠰ ᠢᠷᠡᠭᠡᠳᠦᠢ ᠶᠢᠨ ᠲᠠᠪᠤᠨ ᠵᠢᠯ ᠳᠤ ᠪᠦᠬᠦ ᠪᠥᠮᠪᠥᠷᠴᠡᠭ ᠤᠨ ᠨᠡᠮᠡᠭᠳᠡᠯ ᠳᠤ ᠬᠠᠮᠤᠭ ᠤᠨ ᠶᠡᠭᠡ ᠬᠤᠪᠢ ᠨᠡᠮᠡᠷᠢ ᠦᠵᠡᠭᠦᠯᠬᠦ ᠤᠯᠤᠰ ᠪᠣᠯᠬᠤ ᠪᠣᠯᠤᠨ᠎ᠠ ᠭᠡᠵᠡᠢ᠃      ᠣᠷᠭᠢᠯ ᠳᠤᠷ ᠭᠠᠷᠬᠤᠶ᠎ᠠ ᠬᠦᠴᠢᠷ ᠠᠴᠠ ᠪᠦᠦ ᠠᠶᠤ᠃ ᠡᠨᠡ ᠬᠦ ᠲᠠᠰᠢᠷᠠᠮ ᠢᠶᠠᠷ᠂ ᠪᠢᠳᠡ ᠠᠵᠤ ᠠᠬᠤᠢ ᠶᠢᠨ ᠪᠠᠶᠢᠳᠠᠯ ᠳᠤ ᠪᠦᠬᠦ ᠲᠠᠯ᠎ᠠ ᠪᠠᠷ ᠪᠤᠰᠤᠳᠴᠢ ᠪᠠᠷ ᠯᠠᠪᠳᠠᠭᠤᠨ ᠲᠣᠭᠲᠠᠭᠤᠨ ᠢᠶᠠᠷ ᠬᠠᠨᠳᠤᠵᠤ᠂ ᠪᠦᠬᠦ ᠲᠠᠯ᠎ᠠ ᠶᠢ ᠠᠵᠢᠭᠯᠠᠨ᠂ ᠶᠡᠭᠡ ᠬᠠᠨᠳᠤᠰᠢ ᠶᠢ ᠡᠵᠡᠮᠳᠡᠵᠦ᠂ ᠭᠤᠣᠯᠳᠠᠯᠭ᠎ᠠ ᠶᠢ ᠠᠳᠬᠤᠨ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠠᠰᠠᠭᠤᠳᠠᠯ ᠪᠣᠯᠤᠨ ᠥᠷᠢᠰᠥᠯᠳᠦᠭᠡᠨ ᠢ ᠪᠦᠲᠦᠮᠵᠢᠲᠡᠢ ᠠᠷᠭᠠᠴᠠᠭᠠᠵᠤ᠂ ᠪᠦᠬᠦ ᠬᠦᠴᠦᠨ ᠢᠶᠠᠷ ᠢᠶᠠᠨ ᠠᠵᠤ ᠠᠬᠤᠢ ᠶᠢ ᠬᠥᠭᠵᠢᠭᠦᠯᠬᠦ ᠬᠡᠷᠡᠭᠲᠡᠢ ᠭᠡᠵᠡᠢ᠃
 
ᠢᠷᠡᠯᠲᠡ᠄ ᠦᠪᠣᠷ ᠮᠣᠩᠭᠤᠯ ᠤᠨ ᠦᠪᠡᠷᠳᠡᠬᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠨᠠᠶᠢᠳᠡᠯᠡᠯ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号