【 ᠪᠢ ᠣᠯᠠᠨ ᠲᠦᠮᠡᠨ ᠳᠤ ᠪᠣᠳᠠᠲᠠᠢ ᠠᠵᠢᠯ ᠬᠢᠨ᠎ᠡ 】 ᠬᠥᠩᠭᠡᠵᠢᠯ ᠤᠨ ᠨᠥᠬᠦᠪᠥᠷᠢ ᠮᠥᠩᠭᠦ ᠶᠢ ︽ᠭᠤᠶᠤᠴᠢᠯᠠᠨ ᠬᠡᠯᠲᠦᠷᠢᠭᠦᠯᠵᠦ︾ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠳᠤ ᠲᠥᠬᠦᠮ ᠦᠵᠡᠭᠦᠯᠵᠡᠢ
ᠨᠡᠶᠢᠲᠡᠯᠡᠭᠰᠡᠨ ᠴᠠᠭ᠄
2024/11/18
     ᠲᠦᠷᠦᠭᠦᠬᠡᠨ᠂ ᠮᠠᠨ ᠤ ᠬᠤᠲᠠ ᠶᠢᠨ ᠳᠠᠭᠠᠳᠬᠠᠯ ᠳᠤ ᠣᠷᠣᠯᠴᠠᠭᠰᠠᠨ ᠠᠵᠢᠯᠲᠠᠨ ᠶᠠᠩ ᠠᠪᠠᠭ᠋ᠠᠶ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ ᠳᠤ ᠬᠥᠩᠭᠡᠵᠢᠵᠦ ᠡᠮᠨᠡᠯᠭᠡ ᠠᠴᠠ ᠭᠠᠷᠬᠤ ᠭᠠᠷ ᠭᠦᠢᠴᠡᠳᠬᠡᠯ ᠬᠢᠪᠡ᠃  ᠰᠠᠨᠠᠭᠰᠠᠨ ᠠᠴᠠ ᠭᠠᠳᠠᠨ᠎ᠠ᠂ 4 ᠠᠵᠢᠯᠯᠠᠬᠤ ᠡᠳᠦᠷ ᠤᠨ ᠳᠣᠳᠣᠷ᠎ᠠ᠂ ᠶᠠᠩ ᠠᠪᠠᠭ᠋ᠠᠶ ᠶᠢᠨ ᠬᠥᠩᠭᠡᠵᠢᠯ ᠤᠨ ᠨᠥᠬᠦᠪᠥᠷᠢ ᠮᠥᠩᠭᠦ ᠤᠷᠤᠭᠰᠢᠲᠠᠶ ᠲᠠᠩᠰᠠᠨ ᠳᠤ ᠣᠷᠣᠵᠤ᠂ ︽ᠭᠤᠶᠤᠴᠢᠯᠠᠬᠤ ᠥᠬᠡᠶ ᠪᠠᠷ ᠡᠳ᠋ᠯᠡᠬᠦ︾ ᠲᠥᠷᠥ ᠶᠢᠨ ᠪᠣᠳᠣᠯᠭ᠎ᠠ ᠶᠢᠨ ᠠᠪᠴᠢᠷᠠᠭᠰᠠᠨ ᠲᠥᠬᠦᠮ ᠦᠵᠡᠭᠦᠯᠦᠭᠰᠡᠨ ᠨᠢ ᠶᠠᠩ ᠠᠪᠠᠭ᠋ᠠᠶ ᠳᠤ ᠮᠠᠰᠢ ᠳᠦᠬᠦᠮ ᠬᠠᠯᠠᠮᠵᠢᠳᠠᠢ ᠰᠠᠨᠠᠭᠳᠠᠵᠠᠢ᠃      ᠥᠩᠭᠡᠷᠡᠭᠰᠡᠨ ᠳᠤ᠂ ᠳᠠᠭᠠᠳᠬᠠᠯ ᠳᠤ ᠣᠷᠣᠯᠴᠠᠭᠰᠠᠨ ᠡᠮᠡᠭᠲᠡᠢ ᠠᠵᠢᠯᠲᠠᠨ ᠠᠵᠢᠯᠴᠢᠨ ᠬᠥᠩᠭᠡᠵᠢᠯ ᠤᠨ ᠨᠥᠬᠦᠪᠥᠷᠢ ᠮᠥᠩᠭᠦ ᠭᠤᠶᠤᠴᠢᠯᠠᠬᠤ ᠳᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠴᠣᠩᠬᠤᠨ ᠳᠤ ᠬᠦᠷᠴᠦ᠂ ᠣᠨᠣᠰᠢᠯᠠᠯᠲᠠ ᠶᠢᠨ ᠭᠡᠷᠡᠴᠢ ᠪᠢᠴᠢᠭ᠂ ᠳ᠋ᠦᠩᠨᠡᠨ ᠪᠤᠳᠤᠭᠰᠠᠨ ᠭᠡᠷᠡᠴᠢ ᠪᠠᠷᠢᠮᠲᠠ ᠵᠡᠷᠭᠡ ᠮᠠᠲ᠋ᠧᠷᠢᠶᠠᠯ ᠢᠶᠠᠨ ᠲᠤᠰᠢᠶᠠᠵᠤ ᠬᠠᠮᠢᠶ᠎ᠠ ᠪᠦᠬᠦᠢ ᠭᠠᠷ ᠭᠦᠢᠴᠡᠳᠬᠡᠯ ᠬᠢᠯᠭᠡᠵᠦ᠂ ᠰᠠᠶ᠋ᠢ ᠲᠥᠷᠥᠭᠰᠡᠨ ᠬᠡᠦᠬᠡᠳ ᠤᠨ ᠡᠴᠢᠭᠡ ᠡᠬᠡ ᠳᠤ ᠠᠯᠢ ᠣᠯᠠᠨ ᠪᠤᠬᠢᠨᠢᠳᠤᠯ ᠨᠡᠮᠡᠷᠢᠯᠡᠭᠰᠡᠨ ᠪᠠᠶᠢᠨ᠎ᠠ᠃      ᠡᠨᠡ ᠵᠢᠯ ᠤᠨ 5 ᠰᠠᠷ᠎ᠠ ᠶᠢᠨ 1 ᠤ ᠡᠳᠦᠷ ᠠᠴᠠ ᠡᠬᠢᠯᠡᠨ᠂ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠬᠥᠩᠭᠡᠵᠢᠯ ᠤᠨ ᠨᠡᠮᠡᠭᠦᠷᠢ ᠶᠢ ︽ᠭᠤᠶᠤᠴᠢᠯᠠᠬᠤ ᠠᠴᠠ ᠭᠡᠯᠳᠦᠷᠢᠭᠦᠯᠵᠦ ᠳᠠᠷᠦ᠋ᠢᠬᠠᠨ ᠡᠳ᠋ᠯᠡᠬᠦ︾ ᠲᠥᠷᠥ ᠶᠢᠨ ᠪᠣᠳᠣᠯᠭ᠎ᠠ ᠶᠢ ᠬᠡᠷᠡᠭᠵᠢᠭᠦᠯᠪᠡ᠃ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠬᠦᠷᠢᠶᠡᠨ ᠳᠤ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠪᠦᠲᠦᠭᠡᠵᠦ ᠳᠠᠭᠤᠰᠬᠠᠬᠤ︾ ᠶᠢ ᠠᠬᠢᠭᠤᠯᠬᠤ ᠠᠷᠭ᠎ᠠ ᠬᠡᠮᠵᠢᠶ᠎ᠡ ᠶᠢᠨ ᠨᠢᠭᠡ ᠪᠣᠯᠤᠭᠰᠠᠨ ᠤ ᠬᠤᠪᠢ ᠳᠤ᠂ ᠨᠥᠬᠦᠴᠡᠯ ᠳᠤ ᠨᠡᠶᠢᠴᠡᠬᠦ ᠬᠥᠩᠭᠡᠵᠢᠭᠰᠡᠨ ᠡᠮᠡᠭᠲᠡᠶ ᠠᠵᠢᠯᠲᠠᠨ ᠠᠵᠢᠯᠴᠢᠨ ᠴᠥᠮ ︽ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠠᠪᠴᠠᠩ︾ ᠤᠨ APP᠂ ︽ᠥᠪᠥᠷ ᠮᠣᠩᠭᠤᠯ ᠤᠨ ᠡᠮ ᠡᠮᠨᠡᠯᠭᠡ ᠶᠢᠨ ᠳᠠᠭᠠᠳᠬᠠᠯ︾ ᠤᠨ APP᠂ ︽ᠮᠥᠩᠬᠡ ᠰᠤᠪᠠᠭ︾ APP ᠪᠠᠷ ᠳᠠᠮᠵᠢᠭᠤᠯᠤᠨ ᠠᠯᠢ ᠨᠢᠭᠡᠨ ᠠᠷᠭ᠎ᠠ ᠵᠠᠮ ᠢᠶᠠᠷ ᠭᠤᠶᠤᠴᠢᠯᠠᠵᠤ ᠪᠣᠯᠤᠨ᠎ᠠ᠃ ᠦᠷᠡᠵᠢᠯ ᠤᠨ ᠡᠮᠨᠡᠯᠭᠡ ᠠᠴᠠ ᠭᠠᠷᠬᠤ ᠭᠠᠷᠳᠠᠮ ᠢ ᠬᠦᠢᠴᠡᠳᠬᠡᠬᠦ ᠠᠴᠠ ᠡᠮᠦᠨ᠎ᠡ ᠬᠤᠪᠢ ᠬᠥᠮᠦᠨ ᠤ ᠮᠡᠳᠡᠭᠡ ᠵᠠᠩᠭᠢ ᠶᠢ ᠲᠡᠭᠦᠯᠳᠡᠷᠵᠢᠭᠦᠯᠵᠦ᠂ ᠭᠤᠶᠤᠴᠢᠯᠠᠨ ᠠᠪᠬᠤ ᠮᠠᠲ᠋ᠧᠷᠢᠶᠠᠯ ᠢᠶᠠᠨ ᠲᠤᠰᠢᠶᠠᠬᠤ ᠴᠢᠬᠤᠯᠠ ᠥᠬᠡᠶ᠂ ᠡᠮᠴᠢᠯᠡᠭᠡᠨ ᠤ ᠳᠠᠭᠠᠳᠬᠠᠯ ᠤᠨ ᠰᠢᠰᠲ᠋ᠧᠮ ᠤᠨ ᠠᠦ᠋ᠲ᠋ᠣ᠋ ᠬᠢᠨᠠᠨ ᠰᠢᠯᠭᠠᠯᠲᠠ ᠪᠠᠷ ᠳᠡᠮᠵᠢᠨ ᠦᠷᠡᠵᠢᠯ ᠤᠨ ᠨᠡᠮᠡᠭᠦᠷᠢ ᠶᠢ ᠠᠦ᠋ᠲ᠋ᠣ᠋ ᠭᠤᠶᠤᠴᠢᠯᠠᠨ ᠮᠡᠳᠡᠭᠦᠯᠬᠦ ᠶᠢ ᠪᠡᠶᠡᠯᠡᠭᠦᠯᠵᠦ ᠪᠣᠯᠤᠨ᠎ᠠ᠃ ᠨᠥᠬᠦᠴᠡᠯ ᠳᠤ ᠨᠡᠶᠢᠴᠡᠬᠦ ᠳᠠᠭᠠᠳᠬᠠᠯ ᠳᠤ ᠣᠷᠣᠯᠴᠠᠭᠰᠠᠳ ᠤᠨ 10 ᠠᠵᠢᠯᠯᠠᠬᠤ ᠡᠳᠦᠷ ᠤᠨ ᠳᠣᠲᠣᠷ᠎ᠠ ᠨᠡᠮᠡᠭᠦᠷᠢ ᠣᠯᠭᠤᠬᠤ ᠠᠵᠢᠯ ᠢ ᠪᠡᠶᠡᠯᠡᠭᠦᠯᠵᠦ᠂ ᠭᠤᠶᠤᠴᠢᠯᠠᠨ ᠠᠪᠬᠤ ᠶᠠᠪᠤᠴᠠ ᠶᠢ ᠲᠦᠢᠯ ᠤᠨ ᠶᠡᠭᠡ ᠪᠠᠷ ᠳᠥᠭᠦᠮᠴᠢᠯᠡᠵᠦ᠂ ᠦᠢᠯᠡᠴᠢᠯᠡᠭᠡᠨ ᠤ ᠤᠶᠤᠨᠴᠢᠯᠠᠬᠤ ᠬᠢᠷᠢ ᠲᠦᠪᠰᠢᠨ ᠢ ᠳᠡᠭᠡᠭᠰᠢᠯᠡᠭᠦᠯᠪᠡ᠃      ᠣᠶᠢᠯᠠᠭᠠᠭᠰᠠᠨ ᠢᠶᠠᠷ᠂ ᠰᠢᠨ᠎ᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠬᠡᠷᠡᠭᠵᠢᠭᠦᠯᠦᠭᠰᠡᠨ ᠠᠴᠠ ᠨᠠᠰᠢ᠂ ᠮᠠᠨ ᠤ ᠬᠤᠲᠠ ᠨᠢᠭᠡᠨᠲᠡ ᠦᠷᠡᠵᠢᠯ ᠤᠨ ᠨᠡᠮᠡᠭᠦᠷᠢ ᠶᠢ ᠭᠠᠷ ᠤᠲᠠᠰᠤ ᠪᠠᠷ ᠭᠤᠶᠤᠴᠢᠯᠠᠨ ᠮᠡᠳᠡᠭᠦᠯᠦᠭᠰᠡᠨ 26 ᠠᠵᠢᠯᠲᠠᠨ ᠠᠵᠢᠯᠴᠢᠨ ᠳᠤ ᠨᠡᠶᠢᠲᠡ 55.9 ᠲᠦᠮᠡᠨ ᠲᠥᠭᠦᠷᠢᠭ ᠤᠨ ᠬᠥᠩᠭᠡᠵᠢᠯ ᠤᠨ ᠨᠥᠬᠦᠪᠥᠷᠢ ᠣᠯᠭᠤᠵᠤ᠂ ᠬᠥᠩᠭᠡᠵᠢᠯ ᠤᠨ ᠨᠡᠮᠡᠭᠦᠷᠢ ᠶᠢᠨ ︽ᠰᠧᠺᠦ᠋ᠨ᠋ᠳ᠋ ᠲᠤ  ᠳᠠᠩᠰᠠᠨ ᠳᠤ ᠣᠷᠣᠬᠤ︾ ᠶᠢ ᠦᠨᠡᠨ ᠬᠦ ᠪᠡᠶᠡᠯᠡᠭᠦᠯᠵᠦ᠂ ᠣᠯᠠᠨ ᠲᠦᠮᠡᠨ ᠳᠤ ᠨᠠᠩ ᠲᠥᠬᠦᠮ ᠦᠵᠡᠭᠦᠯᠬᠦ᠂ ᠠᠷᠠᠳ ᠢ ᠳᠤᠯᠠᠭᠠᠴᠠᠭᠤᠯᠬᠤ᠂ ᠠᠷᠠᠳ ᠲᠤ ᠠᠰᠢᠭ ᠬᠦᠷᠲᠡᠭᠡᠬᠦ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡ ᠶᠢ ᠬᠦᠷᠲᠡᠭᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号