| | | ᠰᠤᠷᠪᠤᠯᠵᠢᠯᠠᠭᠴᠢ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ︵ᠪᠣᠭᠤᠮᠲᠠ ᠶᠢᠨ ᠠᠯᠪᠠᠨ ᠬᠡᠷ︶ ᠠᠴᠠ | ᠣᠶᠢᠯᠠᠭᠠᠭᠰᠠᠨ ᠢᠶᠠᠷ᠂ ᠡᠨᠡ ᠵᠢᠯ ᠤᠨ ᠲᠦᠷᠦᠭᠦᠤ 10 ᠰᠠᠷ᠎ᠠ ᠳᠤ᠂ ᠡᠷᠢᠶᠡᠨ ᠪᠣᠭᠤᠮᠲᠠ ᠶᠢᠨ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 1780.7 ᠲᠦᠮᠡᠨ ᠲᠣᠨ ᠳᠤ ᠬᠦᠷᠴᠦ | ᠂ ᠠᠳᠠᠯᠢ ᠬᠤᠭᠤᠴᠠᠭᠠᠨ ᠤ ᠬᠢ ᠠᠴᠠ 9.8% ᠪᠠᠷ ᠨᠡᠮᠡᠭᠳᠡᠪᠡ᠂ ᠡᠭᠦᠨ ᠳᠤ ᠲᠡᠮᠦᠷ ᠵᠠᠮ ᠤᠨ ᠪᠣᠭᠤᠮᠲᠠ ᠶᠢᠨ ᠪᠠᠷᠠᠭᠠᠨ ᠤ | ᠲᠡᠭᠡᠭᠡᠪᠦᠷᠢ ᠶᠢᠨ ᠬᠡᠮᠵᠢᠶ᠎ᠡ 1449.1 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.6% ᠪᠠᠷ | ᠨᠡᠮᠡᠭᠳᠡᠪᠡ︔ ᠵᠠᠰᠠᠮᠠᠯ ᠵᠠᠮ ᠤᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 331.6 ᠲᠦᠮᠡᠨ ᠲᠣᠨ ᠳᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 69.7% ᠪᠠᠷ ᠨᠡᠮᠡᠭᠳᠡᠪᠡ᠃ | ᠡᠨᠡ ᠵᠢᠯ ᠠᠴᠠ ᠨᠠᠭᠠᠰᠢ᠂ ᠵᠠᠰᠠᠮᠠᠯ ᠵᠠᠮ ᠤᠨ ᠪᠣᠭᠤᠮᠲᠠ ᠭᠠᠳᠠᠭᠠᠳᠤ ᠠᠴᠠ ᠣᠷᠣᠭᠤᠯᠤᠭᠰᠠᠨ ᠨᠡᠭᠦᠷᠡᠰᠦ᠂ | ᠬᠠᠶᠢᠯᠤᠭᠤᠷ ᠵᠣᠩᠰᠢ᠂ ᠲᠡᠮᠦᠷ ᠤᠨ ᠬᠦᠳᠡᠷ ᠵᠡᠷᠭᠡ ᠶᠡᠭᠡ ᠬᠡᠮᠵᠢᠶᠡᠨ ᠤ ᠠᠭᠤᠷᠬᠠᠢ ᠶᠢᠨ ᠭᠠᠷᠤᠯᠲᠠ ᠶᠢᠨ ᠲᠦᠷᠦᠯ ᠵᠦᠢᠯ ᠤᠨ | ᠠᠬᠢᠭᠤᠯᠤᠯ ᠳᠣᠣᠷ᠎ᠠ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ | ᠢᠯᠡᠳᠲᠡ ᠨᠡᠮᠡᠭᠳᠡᠪᠡ᠃ ᠲᠡᠮᠦᠷ ᠵᠠᠮ ᠤᠨ ᠬᠢᠯᠢ ᠶᠢᠨ ᠪᠣᠭᠤᠮᠲᠠ ᠨᠢ ᠥᠩᠭᠡᠷᠡᠭᠰᠡᠨ ᠵᠢᠯ ᠤᠳ ᠤᠨ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠦᠢᠯᠡᠳᠬᠦᠨ ᠤ ᠲᠣᠭᠲᠠᠪᠤᠷᠢᠲᠤ ᠪᠠᠶᠢᠳᠠᠯ ᠢᠶᠠᠨ ᠪᠠᠲᠤᠯᠠᠪᠠ᠃ | ᠨᠡᠭᠡᠭᠡᠯᠲᠡ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠣᠭᠤᠮᠲᠠ ᠪᠠᠷ ᠥᠩᠭᠡᠷᠡᠬᠦ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠶᠢᠨ ᠳᠣᠯᠠᠳᠠ᠂ ᠡᠷᠢᠶᠡᠨ ᠪᠣᠭᠤᠮᠲᠠ ᠶᠢᠨ ᠬᠢᠨ ︽ᠲᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠶᠠᠪᠤᠴᠠ ᠶᠢ ᠰᠢᠯᠢᠳᠡᠭᠵᠢᠭᠦᠯᠦᠨ᠂ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ | ᠲᠣᠭᠠᠴᠢᠯᠠᠭᠰᠠᠨ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠎ᠡ︔ 10 ᠳ᠋ᠤᠭᠠᠷ ᠰᠠᠷ᠎ᠠ ᠶᠢᠨ | ᠰᠡᠭᠦᠯᠴᠢ ᠪᠠᠷ ︽ᠬᠢᠯᠢ ᠶᠢᠨ ᠪᠠᠶᠢᠴᠠᠭᠠᠯᠲᠠ ᠬᠢᠵᠦ ᠬᠠᠷᠢᠯᠴᠠᠨ ᠨᠡᠪᠲᠡᠷᠡᠭᠦᠯᠬᠦ︾ ᠶᠢ ᠤᠷᠢᠳᠴᠢᠯᠠᠨ ᠪᠣᠯᠵᠣᠬᠤ | ᠦᠢᠯᠡᠴᠢᠯᠡᠭᠡᠨ ᠤ ᠲᠠᠪᠴᠠᠩ ᠢ ᠲᠤᠷᠰᠢᠨ ᠠᠵᠢᠯᠯᠠᠭᠤᠯᠵᠤ᠂ ᠪᠣᠭᠤᠮᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ | ᠦᠷᠭᠦᠯᠵᠢᠯᠡᠨ ᠰᠠᠶᠢᠵᠢᠷᠠᠭᠤᠯᠤᠨ᠎ᠠ︔ ᠲᠡᠭᠡᠭᠡᠪᠦᠷᠢ ᠶᠢᠨ ᠰᠣᠯᠢᠵᠤ ᠠᠴᠢᠶᠠᠯᠠᠬᠤ ᠠᠵᠢᠯᠯᠠᠭᠠᠨ ᠤ ᠵᠠᠭᠪᠤᠷ ᠢ ᠰᠢᠯᠢᠳᠡᠭᠵᠢᠭᠦᠯᠵᠦ | ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠪᠠ ᠰᠢᠨ᠎ᠡ ᠡᠵᠡᠩᠨᠡᠯᠲᠡ ᠶᠢᠨ ᠪᠠᠶᠢᠳᠠᠯ ᠢ ᠣᠷᠭᠠᠨᠢᠭ ᠢᠶᠠᠷ | ᠠᠭᠤᠰᠤᠯᠴᠠᠭᠤᠯᠬᠤ ᠶᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠡᠨᠧᠷᠭᠢ ᠣᠯᠭᠤᠬᠤ ᠵᠢᠰᠢᠶᠠᠨ ᠤ ᠭᠠᠯᠲᠤ | ᠲᠡᠷᠭᠡ ᠶᠢᠨ ᠲᠤᠭ᠎ᠠ ᠬᠡᠮᠵᠢᠶ᠎ᠡ ᠶᠠᠰᠤ ᠴᠢᠨᠠᠷ ᠢ ᠵᠡᠷᠭᠡᠪᠡᠷ ᠳᠡᠭᠡᠭᠰᠢᠯᠡᠭᠦᠯᠦᠨ᠎ᠡ︔ ᠬᠤᠳᠠᠯᠳᠤᠭᠠᠨ ᠤ ᠶᠠᠪᠤᠳᠠᠯ ᠤᠨ ᠰᠠᠯᠠᠭ᠎ᠠ | ᠮᠥᠴᠢᠷ ᠬᠢᠭᠡᠳ ᠲᠡᠷᠭᠡᠨ ᠥᠷᠲᠡᠭᠡ᠂ ᠪᠣᠭᠤᠮᠲᠠ᠂ ᠬᠢᠯᠢ ᠶᠢᠨ ᠪᠠᠶᠢᠴᠠᠭᠠᠯᠲᠠ ᠵᠡᠷᠭᠡ ᠨᠢᠭᠡᠴᠢ ᠶᠢᠨ ᠬᠠᠮᠵᠢᠯᠴᠠᠬᠤ ᠬᠢᠷᠢ | ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠡᠯ᠎ᠡ ᠭᠤᠭᠴᠤᠭ᠎ᠠ ᠶᠢᠨ ᠮᠡᠳᠡᠭᠡ ᠵᠠᠩᠭᠢ ᠶᠢ ᠬᠠᠷᠢᠯᠴᠠᠨ ᠨᠡᠪᠲᠡᠷᠡᠯᠴᠡᠵᠦ | ᠬᠠᠮᠲᠤ ᠪᠠᠷ ᠡᠳ᠋ᠯᠡᠬᠦ ᠶᠢ ᠪᠡᠶᠡᠯᠡᠭᠦᠯᠦᠨ᠂ ᠪᠠᠶᠢᠴᠠᠭᠠᠨ ᠰᠢᠯᠭᠠᠬᠤ ᠴᠠᠭ ᠢ ᠤᠯᠠᠮ ᠨᠢᠭᠡ ᠠᠯᠬᠤᠮ ᠪᠣᠭᠤᠨᠢᠰᠬᠠᠪᠠ︔ ᠬᠢᠯᠢ ᠶᠢᠨ | ᠪᠣᠭᠤᠮᠲᠠ ᠪᠠᠷ ᠥᠩᠭᠡᠷᠡᠬᠦ ᠡᠯ᠎ᠡ ᠭᠤᠭᠴᠣᠭᠠᠨ ᠤ ᠠᠵᠢᠯ ᠤᠨ ᠶᠠᠪᠤᠴᠠ ᠶᠢ ᠬᠥᠳᠡᠯᠦᠩᠭᠦᠢ ᠪᠠᠷ ᠡᠮᠬᠢᠯᠡᠨ ᠲᠡᠭᠦᠯᠳᠡᠷᠵᠢᠭᠦᠯᠵᠦ᠂ | 8 ᠲᠡᠷᠭᠡ ᠠᠴᠠ ᠳᠣᠷᠣᠭᠰᠢᠬᠢ ᠵᠢᠵᠢᠭ ᠬᠡᠯᠪᠡᠷᠢ ᠶᠢᠨ ᠲᠡᠷᠭᠡ ᠬᠥᠰᠬᠡ ᠶᠢᠨ ᠪᠣᠭᠤᠮᠲᠠ ᠪᠠᠷ ᠥᠩᠭᠡᠷᠡᠬᠦ ᠠᠵᠢᠯ ᠢ | ᠬᠥᠳᠡᠯᠦᠩᠭᠦᠶ ᠪᠠᠷ ᠡᠮᠬᠢᠯᠡᠨ ᠲᠡᠭᠦᠯᠳᠡᠷᠵᠢᠭᠦᠯᠵᠦ᠂ ᠬᠢᠯᠢ ᠪᠠᠷ ᠣᠷᠣᠵᠤ ᠭᠠᠷᠬᠤ 8 ᠲᠡᠷᠭᠡ ᠬᠥᠰᠬᠡ ᠶᠢᠨ ᠪᠣᠭᠤᠮᠲᠠ ᠪᠠᠷ | ᠲᠦᠷᠭᠡᠨ ᠥᠩᠭᠡᠷᠡᠬᠦ ᠶᠢ ᠪᠠᠲᠤᠯᠠᠵᠤ᠂ ᠪᠣᠭᠤᠮᠲᠠ ᠪᠠᠷ ᠥᠩᠭᠡᠷᠡᠬᠦ ︽ᠶᠡᠬᠡᠪᠡᠷ ᠣᠷᠣᠵᠤ ᠭᠠᠷᠴᠤ ᠲᠦᠷᠭᠡᠨ ᠣᠷᠣᠵᠤ | ᠲᠦᠷᠭᠡᠨ ᠭᠠᠷᠬᠤ︾ ᠶᠢ ᠠᠬᠢᠭᠤᠯᠤᠨ᠎ᠠ᠃ |