【 ᠲᠠᠪᠤᠨ ᠶᠡᠭᠡ ᠡᠭᠦᠷᠭᠡ ᠶᠢᠨ ᠠᠮᠵᠢᠯᠲᠠ ᠤᠯᠬᠤ ᠶᠢ ᠠᠬᠢᠭᠤᠯᠤᠨ᠎ᠠ 】 ᠳᠤᠮᠳᠠᠳᠤ ᠮᠣᠩᠭᠤᠯ ᠤᠨ ᠬᠢᠯᠢ ᠠᠯᠤᠰᠯᠠᠭᠰᠠᠨ ᠵᠢᠭᠤᠯᠴᠢᠯᠠᠯ ᠤᠨ ᠬᠠᠮᠲᠤᠷᠠᠯᠴᠠᠭ᠎ᠠ ᠰᠢᠨ᠎ᠡ ᠬᠠᠭᠤᠳᠠᠰᠤ ᠶᠢ ᠨᠡᠭᠡᠭᠡᠪᠡ
ᠨᠡᠶᠢᠲᠡᠯᠡᠭᠰᠡᠨ ᠴᠠᠭ᠄
2024/11/18
    11 ᠰᠠᠷ᠎ᠠ ᠶᠢᠨ 15 ᠤ ᠡᠳᠦᠷ᠂ 15 ᠵᠤᠭᠠᠴᠠᠭᠰᠠᠳ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠪᠠᠷ ᠨᠡᠪᠳᠡᠷᠡᠬᠦ ᠦᠨᠡᠮᠯᠡᠯ︾ ᠢᠶᠠᠷ ᠮᠠᠨ ᠤ ᠬᠤᠲᠠ ᠶᠢᠨ ᠬᠢᠯᠢ ᠠᠴᠠ ᠭᠠᠷᠴᠤ᠂ ᠮᠣᠩᠭᠤᠯ ᠤᠯᠤᠰ ᠤᠨ ᠵᠠᠮ ᠤᠨ ᠡᠭᠦᠳᠡ ᠬᠤᠲᠠ ᠶᠢᠨ ᠨᠢᠭᠡ ᠡᠳᠦᠷ ᠤᠨ ᠵᠢᠭᠤᠯᠴᠢᠯᠠᠯ ᠢ ᠡᠬᠢᠯᠡᠭᠦᠯᠪᠡ᠃ ᠡᠨᠡ ᠨᠢ ᠨᠠᠢᠮᠠᠨ ᠵᠢᠯ ᠤᠨ ᠳᠠᠷᠠᠭ᠎ᠠ ᠳᠤᠮᠳᠠᠳᠤ ᠮᠣᠩᠭᠤᠯ ᠤᠨ ᠬᠢᠯᠢ ᠠᠯᠤᠰᠯᠠᠭᠰᠠᠨ ᠵᠢᠭᠤᠯᠴᠢᠯᠠᠯ ᠤᠨ ᠬᠠᠮᠲᠤᠷᠠᠯᠴᠠᠭ᠎ᠠ ᠰᠢᠨ᠎ᠡ ᠬᠠᠭᠤᠳᠠᠰᠤᠨ ᠳᠤ ᠣᠷᠣᠭᠰᠠᠨ ᠢ ᠬᠠᠷᠠᠭᠤᠯᠵᠤ ᠪᠠᠶᠢᠨ᠎ᠠ᠃
  ᠵᠤᠭᠠᠴᠠᠭᠰᠠᠳ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠪᠠᠷ ᠣᠷᠣᠵᠤ ᠭᠠᠷᠬᠤ ᠦᠨᠡᠮᠯᠡᠯ︾ ᠢᠶᠠᠨ ᠠᠪᠴᠠᠶ
   ᠨᠡᠭᠦᠳᠡᠯ ᠠᠷᠠᠳ ᠤᠨ ᠬᠠᠮᠢᠶᠠᠷᠤᠯᠲᠠ ᠶᠢᠨ ᠴᠠᠭᠳᠠᠭ᠎ᠠ ᠵᠤᠭᠠᠴᠠᠭᠴᠢ ᠳᠤ ᠪᠣᠭᠤᠮᠲᠠ ᠪᠠᠷ ᠥᠩᠭᠡᠷᠡᠬᠦ ᠭᠠᠷ ᠭᠦᠢᠴᠡᠳᠬᠡᠯ ᠬᠢᠵᠦ ᠥᠭᠴᠦ ᠪᠠᠶᠢᠨ᠎ᠠ      ᠲᠣᠰ ᠡᠳᠦᠷ᠂ 15 ᠵᠢᠭᠤᠯᠴᠢᠯᠠᠭᠴᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠪᠠᠷ ᠨᠡᠪᠳᠡᠷᠡᠬᠦ ᠦᠨᠡᠮᠯᠡᠯ︾ ᠢ ᠠᠪᠴᠤ ᠡᠷᠢᠶᠡᠨ ᠵᠠᠰᠠᠮᠠᠯ ᠵᠠᠮ ᠤᠨ ᠪᠣᠭᠤᠮᠲᠠ ᠪᠠᠷ ᠬᠢᠯᠢ ᠠᠴᠠ ᠭᠠᠷᠪᠠ᠃ ᠬᠢᠯᠢ ᠶᠢᠨ ᠪᠣᠭᠤᠮᠲᠠ᠂ ᠬᠢᠯᠢ ᠶᠢᠨ ᠪᠠᠶᠢᠴᠠᠭᠠᠯᠲᠠ ᠵᠡᠷᠭᠡ ᠰᠠᠯᠠᠭ᠎ᠠ ᠮᠥᠴᠢᠷ ᠤᠳ ᠪᠦᠯᠬᠦᠮ ᠨᠡᠶᠢᠲᠡ ᠶᠢᠨ ᠠᠶᠠᠨᠴᠢᠳ ᠤᠨ ᠲᠤᠰᠬᠠᠶ ᠨᠡᠪᠲᠡᠷᠡᠬᠦ ᠵᠠᠮ ᠭᠠᠷᠭᠠᠬᠤ ᠶᠢᠨ ᠬᠠᠮᠲᠤ ᠲᠡᠳᠡᠨ ᠳᠤ ᠲᠣᠳᠣᠷᠬᠠᠶ ᠵᠢᠯᠣᠭᠤᠳᠣᠯᠭ᠎ᠠ ᠬᠠᠩᠭᠠᠵᠤ᠂ ᠵᠢᠭᠤᠯᠴᠢᠯᠠᠭᠴᠢᠳ ᠤᠨ ᠥᠨᠳᠥᠷ ᠪᠦᠲᠦᠮᠵᠢᠲᠡᠶ ᠳᠥᠭᠦᠮ ᠳᠥᠲᠡ ᠪᠣᠭᠤᠮᠲᠠ ᠪᠠᠷ ᠥᠩᠭᠡᠷᠡᠬᠦ ᠶᠢ ᠪᠠᠲᠤᠯᠠᠬᠤ ᠬᠡᠷᠡᠭᠲᠡᠶ᠃
  ᠨᠡᠭᠦᠳᠡᠯ ᠠᠷᠠᠳ ᠤᠨ ᠬᠠᠮᠢᠶᠠᠷᠤᠯᠲᠠ ᠶᠢᠨ ᠴᠠᠭᠳᠠᠭ᠎ᠠ ᠵᠤᠭᠠᠴᠠᠭᠴᠢ ᠳᠤ ᠪᠣᠭᠤᠮᠲᠠ ᠪᠠᠷ ᠥᠩᠭᠡᠷᠡᠬᠦ ᠭᠠᠷ ᠭᠦᠢᠴᠡᠳᠬᠡᠯ ᠬᠢᠵᠦ ᠥᠭᠴᠦ ᠪᠠᠶᠢᠨ᠎ᠠ      ᠵᠤᠭᠠᠴᠠᠭᠴᠢ ᠶᠣᠣ ᠵᠢᠶᠦ᠋ᠨ ᠬᠡᠯᠡᠭᠰᠡᠨ ᠨᠢ᠄ ︽ᠪᠢ ᠮᠣᠩᠭᠤᠯ ᠤᠯᠤᠰ ᠤᠨ ᠵᠢᠭᠤᠯᠴᠢᠯᠠᠯ ᠳᠤ ᠮᠠᠰᠢ ᠰᠣᠨᠢᠷᠬᠠᠯᠲᠠᠢ ᠪᠠᠶᠢᠨ᠎ᠠ᠂ ᠡᠨᠡ ᠤᠳᠠᠭ᠎ᠠ ᠪᠢ ᠬᠢᠯᠢ ᠶᠢᠨ ᠵᠢᠭᠤᠯᠴᠢᠯᠠᠯ ᠤᠨ ᠲᠤᠰᠬᠠᠶ ᠬᠡᠷᠡᠭᠯᠡᠭᠡᠨ ᠤ ᠬᠢᠯᠢ ᠪᠠᠷ ᠨᠡᠪᠳᠡᠷᠡᠬᠦ ᠦᠨᠡᠮᠯᠡᠯ ᠢ ᠬᠦᠢᠴᠡᠳᠬᠡᠵᠡᠢ᠂ ᠡᠨᠡ ᠨᠢ ᠮᠠᠰᠢ ᠳᠥᠭᠦᠮ ᠳᠥᠲᠡ ᠰᠠᠨᠠᠭᠳᠠᠵᠤ ᠪᠠᠶᠢᠨ᠎ᠠ᠃ ᠨᠠᠩ ᠣᠯᠠᠨ ᠵᠢᠭᠤᠯᠴᠢᠯᠠᠭᠴᠢᠳ ᠡᠷᠢᠶᠡᠨ ᠬᠤᠲᠠ ᠳᠤ ᠢᠷᠡᠵᠦ ᠵᠠᠮ ᠤᠨ ᠡᠭᠦᠳᠡ ᠤᠷᠤᠭᠤ ᠨᠢᠭᠡ ᠤᠳᠠᠭᠠᠨ ᠤ ᠵᠢᠭᠤᠯᠴᠢᠯᠠᠯ ᠤᠨ ᠲᠤᠷᠰᠢᠯᠲᠠ ᠬᠢᠬᠦ ᠶᠢ ᠬᠦᠰᠡᠵᠦ ᠪᠠᠶᠢᠨ᠎ᠠ︾ ᠭᠡᠵᠡᠢ᠃
   ᠵᠢᠭᠤᠯᠴᠢᠯᠠᠭᠴᠢᠳ ᠡᠷᠢᠶᠡᠨ ᠵᠠᠰᠠᠮᠠᠯ ᠵᠠᠮ ᠤᠨ ᠪᠣᠭᠤᠮᠲᠠ ᠪᠠᠷ ᠬᠢᠯᠢ ᠠᠴᠠ ᠭᠠᠷᠪᠠ      ᠡᠷᠢᠶᠡᠨ ᠬᠢᠯᠢ ᠶᠢᠨ ᠪᠣᠭᠤᠮᠲᠠ ᠪᠠᠷ ᠥᠩᠭᠡᠷᠡᠬᠦ ᠳᠥᠭᠦᠮ ᠳᠥᠲᠡ ᠣᠷᠴᠢᠨ ᠲᠣᠭᠤᠷᠢᠨ ᠨᠢ ᠮᠠᠰᠢ ᠣᠯᠠᠨ ᠤᠯᠤᠰ ᠤᠨ ᠳᠣᠲᠣᠭᠠᠳᠤ ᠶᠢᠨ ᠵᠢᠭᠤᠯᠴᠢᠳ ᠤᠨ ᠠᠩᠬᠠᠷᠤᠯ ᠢ ᠲᠠᠲᠠᠵᠤ᠂ ᠮᠣᠩᠭᠤᠯ ᠤᠯᠤᠰ ᠤᠨ ᠵᠠᠮ ᠤᠨ ᠡᠭᠦᠳᠡ ᠬᠤᠲᠠ ᠳᠤ ᠬᠦᠷᠴᠦ ︽ᠨᠢᠭᠡ ᠡᠳᠦᠷ ᠤᠨ ᠵᠤᠭᠠᠴᠠᠯ︾ ᠢ ᠰᠣᠨᠢᠷᠬᠠᠵᠤ᠂ ᠣᠨᠳᠣᠣ ᠭᠠᠵᠠᠷ ᠤᠨ ᠵᠠᠩ ᠦᠢᠯᠡ ᠶᠢ ᠣᠶᠢᠯᠠᠭᠠᠪᠠ᠃ ᠤᠢᠢᠷ᠎ᠠ ᠶᠢᠨ ᠵᠢᠯ ᠠᠴᠠ᠂ ᠳᠤᠮᠳᠠᠳᠤ ᠮᠣᠩᠭᠤᠯ ᠬᠤᠶᠠᠷ ᠲᠠᠯ᠎ᠠ ᠪᠠᠷ ᠢᠶᠠᠨ ᠵᠤᠭᠠᠴᠠᠯ ᠤᠨ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠵᠠᠮ ᠱᠤᠭᠤᠮ ᠤᠨ ᠵᠢᠷᠤᠭ ᠲᠥᠯᠥᠪᠯᠡᠭᠡ ᠶᠢ ᠰᠢᠯᠢᠳᠡᠭᠵᠢᠭᠦᠯᠬᠦ ᠵᠡᠷᠭᠡ ᠤᠯᠠᠨ ᠲᠠᠯ᠎ᠠ ᠪᠠᠷ ᠭᠦᠨᠵᠡᠭᠡᠢ ᠬᠠᠮᠲᠤᠷᠠᠯᠴᠠᠭ᠎ᠠ ᠥᠷᠨᠢᠭᠦᠯᠵᠦ᠂ ᠪᠣᠭᠤᠮᠲᠠ ᠶᠢᠨ ᠬᠢᠯᠢ ᠠᠯᠤᠰᠯᠠᠭᠰᠠᠨ ᠵᠤᠭᠠᠴᠠᠯ ᠤᠨ ᠦᠢᠯᠡᠰ ᠪᠣᠯᠤᠨ ᠬᠤᠶᠠᠷ ᠤᠯᠤᠰ ᠤᠨ ᠬᠤᠭᠤᠷᠣᠨᠳᠣᠬᠢ ᠵᠤᠭᠠᠴᠠᠯ ᠤᠨ ᠰᠣᠶᠣᠯ ᠤᠨ ᠰᠣᠯᠢᠯᠴᠠᠭᠠᠨ ᠤ ᠴᠢᠨᠠᠷ ᠰᠠᠶᠢᠲᠠᠢ ᠬᠥᠭᠵᠢᠯᠲᠡ ᠶᠢ ᠬᠦᠴᠦᠲᠡᠢ ᠠᠬᠢᠭᠤᠯᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号