| | ᠰᠤᠷᠪᠤᠯᠵᠢᠯᠠᠭᠴᠢ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ︵ᠪᠣᠭᠤᠮᠲᠠ ᠶᠢᠨ ᠠᠯᠪᠠᠨ ᠬᠡᠷ︶ | ᠠᠴᠠ ᠣᠶᠢᠯᠠᠭᠠᠭᠰᠠᠨ ᠢᠶᠠᠷ᠂ ᠡᠨᠡ ᠵᠢᠯ ᠤᠨ ᠲᠦᠷᠦᠭᠦᠤ 10 ᠰᠠᠷ᠎ᠠ ᠳᠤ᠂ ᠡᠷᠢᠶᠡᠨ ᠪᠣᠭᠤᠮᠲᠠ ᠶᠢᠨ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 1780.7 | ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.8% ᠪᠠᠷ ᠨᠡᠮᠡᠭᠳᠡᠪᠡ᠂ ᠡᠭᠦᠨ ᠳᠤ ᠲᠡᠮᠦᠷ | ᠵᠠᠮ ᠤᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 1449.1 ᠲᠦᠮᠡᠨ ᠲᠣᠨ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 1.6% ᠪᠠᠷ ᠨᠡᠮᠡᠭᠳᠡᠪᠡ︔ ᠵᠠᠰᠠᠮᠠᠯ ᠵᠠᠮ ᠤᠨ ᠪᠣᠭᠤᠮᠲᠠ ᠶᠢᠨ ᠪᠠᠷᠠᠭᠠᠨ ᠤ | ᠲᠡᠭᠡᠭᠡᠪᠦᠷᠢ ᠶᠢᠨ ᠬᠡᠮᠵᠢᠶ᠎ᠡ 331.6 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 69. | 7% ᠪᠠᠷ ᠨᠡᠮᠡᠭᠳᠡᠪᠡ᠃ | ᠡᠨᠡ ᠵᠢᠯ ᠠᠴᠠ ᠨᠠᠭᠠᠰᠢ᠂ ᠵᠠᠰᠠᠮᠠᠯ ᠵᠠᠮ ᠤᠨ ᠪᠣᠭᠤᠮᠲᠠ ᠭᠠᠳᠠᠭᠠᠳᠤ ᠠᠴᠠ ᠣᠷᠣᠭᠤᠯᠤᠭᠰᠠᠨ ᠨᠡᠭᠦᠷᠡᠰᠦ᠂ | ᠬᠠᠶᠢᠯᠤᠭᠤᠷ ᠵᠣᠩᠰᠢ᠂ ᠲᠡᠮᠦᠷ ᠤᠨ ᠬᠦᠳᠡᠷ ᠵᠡᠷᠭᠡ ᠶᠡᠭᠡ ᠬᠡᠮᠵᠢᠶᠡᠨ ᠤ ᠠᠭᠤᠷᠬᠠᠢ ᠶᠢᠨ ᠭᠠᠷᠤᠯᠲᠠ ᠶᠢᠨ ᠲᠦᠷᠦᠯ | ᠵᠦᠢᠯ ᠤᠨ ᠠᠬᠢᠭᠤᠯᠤᠯ ᠳᠣᠣᠷ᠎ᠠ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠠᠷᠠᠭᠠᠨ ᠤ | ᠲᠡᠭᠡᠭᠡᠪᠦᠷᠢ ᠶᠢᠨ ᠬᠡᠮᠵᠢᠶ᠎ᠡ ᠢᠯᠡᠳᠲᠡ ᠨᠡᠮᠡᠭᠳᠡᠪᠡ᠃ ᠲᠡᠮᠦᠷ ᠵᠠᠮ ᠤᠨ ᠬᠢᠯᠢ ᠶᠢᠨ ᠪᠣᠭᠤᠮᠲᠠ ᠨᠢ ᠥᠩᠭᠡᠷᠡᠭᠰᠡᠨ | ᠵᠢᠯ ᠤᠳ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠦᠢᠯᠡᠳᠬᠦᠨ ᠤ ᠲᠣᠭᠲᠠᠪᠤᠷᠢᠲᠤ | ᠪᠠᠶᠢᠳᠠᠯ ᠢᠶᠠᠨ ᠪᠠᠲᠤᠯᠠᠪᠠ᠃ | ᠨᠡᠭᠡᠭᠡᠯᠲᠡ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠣᠭᠤᠮᠲᠠ ᠪᠠᠷ ᠥᠩᠭᠡᠷᠡᠬᠦ | ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠳᠣᠯᠠᠳᠠ᠂ ᠡᠷᠢᠶᠡᠨ ᠪᠣᠭᠤᠮᠲᠠ ᠶᠢᠨ ᠬᠢᠨ ︽ᠲᠠᠯᠪᠢᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠶᠠᠪᠤᠴᠠ ᠶᠢ ᠰᠢᠯᠢᠳᠡᠭᠵᠢᠭᠦᠯᠦᠨ᠂ ᠦᠷ᠎ᠡ | ᠪᠦᠲᠦᠮᠵᠢ ᠶᠢ ᠳᠡᠭᠡᠭᠰᠢᠯᠡᠭᠦᠯᠵᠦ᠂ ᠲᠣᠭᠠᠴᠢᠯᠠᠭᠰᠠᠨ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢ | ᠭᠦᠨᠵᠡᠭᠡᠶᠢᠷᠡᠭᠦᠯᠦᠨ᠎ᠡ︔ 10 ᠳ᠋ᠤᠭᠠᠷ ᠰᠠᠷ᠎ᠠ ᠶᠢᠨ ᠰᠡᠭᠦᠯᠴᠢ ᠪᠠᠷ ︽ᠬᠢᠯᠢ ᠶᠢᠨ ᠪᠠᠶᠢᠴᠠᠭᠠᠯᠲᠠ ᠬᠢᠵᠦ ᠬᠠᠷᠢᠯᠴᠠᠨ | ᠨᠡᠪᠲᠡᠷᠡᠭᠦᠯᠬᠦ︾ ᠶᠢ ᠤᠷᠢᠳᠴᠢᠯᠠᠨ ᠪᠣᠯᠵᠣᠬᠤ ᠦᠢᠯᠡᠴᠢᠯᠡᠭᠡᠨ ᠤ ᠲᠠᠪᠴᠠᠩ ᠢ ᠲᠤᠷᠰᠢᠨ ᠠᠵᠢᠯᠯᠠᠭᠤᠯᠵᠤ᠂ | ᠪᠣᠭᠤᠮᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠤᠨ᠎ᠠ︔ | ᠲᠡᠭᠡᠭᠡᠪᠦᠷᠢ ᠶᠢᠨ ᠰᠣᠯᠢᠵᠤ ᠠᠴᠢᠶᠠᠯᠠᠬᠤ ᠠᠵᠢᠯᠯᠠᠭᠠᠨ ᠤ ᠵᠠᠭᠪᠤᠷ ᠢ ᠰᠢᠯᠢᠳᠡᠭᠵᠢᠭᠦᠯᠵᠦ᠂ ᠳᠤᠮᠳᠠᠳᠤ ᠧᠦ᠋ᠷᠣᠫᠠ ᠶᠢᠨ | ᠵᠢᠰᠢᠶᠠᠨ ᠤ ᠭᠠᠯᠲᠤ ᠲᠡᠷᠭᠡ ᠪᠠ ᠰᠢᠨ᠎ᠡ ᠡᠵᠡᠩᠨᠡᠯᠲᠡ ᠶᠢᠨ ᠪᠠᠶᠢᠳᠠᠯ ᠢ ᠣᠷᠭᠠᠨᠢᠭ ᠢᠶᠠᠷ ᠠᠭᠤᠰᠤᠯᠴᠠᠭᠤᠯᠬᠤ ᠶᠢ | ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠡᠨᠧᠷᠭᠢ ᠣᠯᠭᠤᠬᠤ ᠵᠢᠰᠢᠶᠠᠨ ᠤ ᠭᠠᠯᠲᠤ ᠲᠡᠷᠭᠡ ᠶᠢᠨ ᠲᠤᠭ᠎ᠠ | ᠬᠡᠮᠵᠢᠶ᠎ᠡ ᠶᠠᠰᠤ ᠴᠢᠨᠠᠷ ᠢ ᠵᠡᠷᠭᠡᠪᠡᠷ ᠳᠡᠭᠡᠭᠰᠢᠯᠡᠭᠦᠯᠦᠨ᠎ᠡ︔ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠬᠢᠭᠡᠳ | ᠲᠡᠷᠭᠡᠨ ᠥᠷᠲᠡᠭᠡ᠂ ᠪᠣᠭᠤᠮᠲᠠ᠂ ᠬᠢᠯᠢ ᠶᠢᠨ ᠪᠠᠶᠢᠴᠠᠭᠠᠯᠲᠠ ᠵᠡᠷᠭᠡ ᠨᠢᠭᠡᠴᠢ ᠶᠢᠨ ᠬᠠᠮᠵᠢᠯᠴᠠᠬᠤ ᠬᠢᠷᠢ ᠲᠦᠪᠰᠢᠨ ᠢ | ᠬᠦᠴᠦᠯᠡᠨ ᠳᠡᠭᠡᠭᠰᠢᠯᠡᠭᠦᠯᠵᠦ᠂ ᠡᠯ᠎ᠡ ᠭᠤᠭᠴᠤᠭ᠎ᠠ ᠶᠢᠨ ᠮᠡᠳᠡᠭᠡ ᠵᠠᠩᠭᠢ ᠶᠢ ᠬᠠᠷᠢᠯᠴᠠᠨ ᠨᠡᠪᠲᠡᠷᠡᠯᠴᠡᠵᠦ ᠬᠠᠮᠲᠤ ᠪᠠᠷ | ᠡᠳ᠋ᠯᠡᠬᠦ ᠶᠢ ᠪᠡᠶᠡᠯᠡᠭᠦᠯᠦᠨ᠂ ᠪᠠᠶᠢᠴᠠᠭᠠᠨ ᠰᠢᠯᠭᠠᠬᠤ ᠴᠠᠭ ᠢ ᠤᠯᠠᠮ ᠨᠢᠭᠡ ᠠᠯᠬᠤᠮ ᠪᠣᠭᠤᠨᠢᠰᠬᠠᠪᠠ︔ ᠬᠢᠯᠢ ᠶᠢᠨ | ᠪᠣᠭᠤᠮᠲᠠ ᠪᠠᠷ ᠥᠩᠭᠡᠷᠡᠬᠦ ᠡᠯ᠎ᠡ ᠭᠤᠭᠴᠣᠭᠠᠨ ᠤ ᠠᠵᠢᠯ ᠤᠨ ᠶᠠᠪᠤᠴᠠ ᠶᠢ ᠬᠥᠳᠡᠯᠦᠩᠭᠦᠢ ᠪᠠᠷ ᠡᠮᠬᠢᠯᠡᠨ | ᠲᠡᠭᠦᠯᠳᠡᠷᠵᠢᠭᠦᠯᠵᠦ᠂ 8 ᠲᠡᠷᠭᠡ ᠠᠴᠠ ᠳᠣᠷᠣᠭᠰᠢᠬᠢ ᠵᠢᠵᠢᠭ ᠬᠡᠯᠪᠡᠷᠢ ᠶᠢᠨ ᠲᠡᠷᠭᠡ ᠬᠥᠰᠬᠡ ᠶᠢᠨ ᠪᠣᠭᠤᠮᠲᠠ ᠪᠠᠷ | ᠥᠩᠭᠡᠷᠡᠬᠦ ᠠᠵᠢᠯ ᠢ ᠬᠥᠳᠡᠯᠦᠩᠭᠦᠶ ᠪᠠᠷ ᠡᠮᠬᠢᠯᠡᠨ ᠲᠡᠭᠦᠯᠳᠡᠷᠵᠢᠭᠦᠯᠵᠦ᠂ ᠬᠢᠯᠢ ᠪᠠᠷ ᠣᠷᠣᠵᠤ ᠭᠠᠷᠬᠤ 8 ᠲᠡᠷᠭᠡ | ᠬᠥᠰᠬᠡ ᠶᠢᠨ ᠪᠣᠭᠤᠮᠲᠠ ᠪᠠᠷ ᠲᠦᠷᠭᠡᠨ ᠥᠩᠭᠡᠷᠡᠬᠦ ᠶᠢ ᠪᠠᠲᠤᠯᠠᠵᠤ᠂ ᠪᠣᠭᠤᠮᠲᠠ ᠪᠠᠷ ᠥᠩᠭᠡᠷᠡᠬᠦ ︽ᠶᠡᠬᠡᠪᠡᠷ ᠣᠷᠣᠵᠤ | ᠭᠠᠷᠴᠤ ᠲᠦᠷᠭᠡᠨ ᠣᠷᠣᠵᠤ ᠲᠦᠷᠭᠡᠨ ᠭᠠᠷᠬᠤ︾ ᠶᠢ ᠠᠬᠢᠭᠤᠯᠤᠨ᠎ᠠ᠃ |