| ᠡᠷᠢᠶᠡᠨ ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ ᠡᠨᠡ ᠵᠢᠯ ᠤᠨ ᠲᠦᠷᠦᠭᠦᠤ 10 ᠰᠠᠷ᠎ᠠ ᠳᠤ᠂ | ᠡᠷᠢᠶᠡᠨ ᠬᠤᠲᠠ ᠶᠢᠨ ᠪᠣᠭᠤᠮᠲᠠ ᠶᠢᠨ ᠭᠠᠳᠠᠭᠠᠳᠤ ᠳᠤ ᠭᠠᠷᠭᠠᠭᠰᠠᠨ ᠵᠢᠮᠢᠰ ᠨᠣᠭᠤᠭ᠎ᠠ 12.1 ᠲᠦᠮᠡᠨ ᠲᠣᠨ | ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 31.2% ᠢᠶᠠᠷ ᠨᠡᠮᠡᠭᠳᠡᠵᠦ᠂ ᠪᠠᠷᠠᠭᠠᠨ ᠤ ᠥᠷᠲᠡᠭ ᠨᠢ | 4.7 ᠳ᠋ᠦᠩᠰᠢᠭᠤᠷ ᠲᠥᠭᠦᠷᠢᠭ ᠲᠤ ᠬᠦᠷᠴᠦ᠂ 1.8 ᠳᠠᠬᠢᠨ ᠨᠡᠮᠡᠭᠳᠡᠪᠡ᠃ | ᠣᠳᠣᠬᠠᠨ ᠳᠤ᠂ ᠡᠷᠢᠶᠡᠨ ᠬᠤᠲᠠ ᠪᠣᠭᠤᠮᠲᠠ ᠶᠢᠨ ᠭᠠᠳᠠᠭᠠᠳᠤ ᠳᠤ ᠭᠠᠷᠭᠠᠬᠤ ᠵᠢᠮᠢᠰ ᠨᠣᠭᠤᠭ᠎ᠠ ᠳᠤ | ᠰᠢᠬᠢᠷᠯᠢᠭ ᠯᠠᠵᠤᠤ᠂ ᠥᠷᠭᠡᠰᠦᠲᠦ ᠬᠡᠮᠬᠡ᠂ ᠲᠤᠯᠠᠭᠠᠨ ᠬᠤᠸᠠᠷ᠂ ᠠᠯᠮᠤᠷᠠᠳ᠂ ᠠᠯᠢᠮ᠎ᠠ᠂ ᠪᠠᠨᠠᠨᠠ ᠵᠡᠷᠭᠡ ᠲᠥᠷᠥᠯ | ᠵᠦᠢᠯ ᠪᠠᠭᠲᠠᠵᠤ᠂ ᠡᠳᠦᠷ ᠪᠦᠷᠢ ᠳᠤᠮᠳᠠᠴᠢ ᠪᠠᠷ 20 ᠲᠡᠷᠭᠡ ᠭᠠᠳᠠᠭᠠᠳᠤ ᠳᠤ ᠭᠠᠷᠭᠠᠵᠤ᠂ ᠮᠣᠩᠭᠤᠯ ᠤᠯᠤᠰ ᠤᠨ | 80% ᠶᠢᠨ ᠵᠢᠮᠢᠰ ᠨᠣᠭᠤᠭ᠎ᠠ ᠶᠢᠨ ᠬᠡᠷᠡᠭᠴᠡᠭᠡ ᠶᠢ ᠬᠠᠩᠭᠠᠵᠤ ᠪᠠᠶᠢᠨ᠎ᠠ᠃ | ᠡᠨᠡ ᠵᠢᠯ ᠠᠴᠠ ᠨᠠᠰᠢ᠂ ᠡᠷᠢᠶᠡᠨ ᠪᠣᠭᠤᠮᠲᠠ ᠶᠢᠨ ᠬᠢᠨ ᠤᠷᠢᠳᠠᠪᠠᠷ ᠬᠢᠨᠠᠨ ᠪᠠᠶᠢᠴᠠᠭᠠᠬᠤ᠂ ᠤᠷᠢᠳᠠᠪᠠᠷ | ᠪᠠᠶᠢᠴᠠᠭᠠᠨ ᠰᠢᠯᠭᠠᠬᠤ᠂ ᠤᠷᠢᠳᠠᠪᠠᠷ ᠶᠠᠪᠤᠭᠤᠯᠬᠤ ᠵᠡᠷᠭᠡ ᠰᠠᠭᠠᠳ ᠦᠭᠡᠢ ᠨᠡᠪᠲᠡᠷᠡᠬᠦ ᠵᠠᠮ ᠤᠨ ᠠᠷᠭ᠎ᠠ ᠬᠡᠮᠵᠢᠶ᠎ᠡ ᠶᠢᠨ | ᠰᠠᠭᠤᠷᠢᠨ ᠳᠡᠭᠡᠷ᠎ᠡ᠂ ᠦᠨᠡᠮᠯᠡᠯ ᠭᠤᠶᠤᠴᠢᠯᠠᠨ ᠠᠪᠬᠤ ᠶᠠᠪᠤᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ | ᠠᠵᠤ ᠠᠬᠤᠶᠢᠯᠠᠯ ᠤᠨ ᠳᠡᠭᠡᠭᠰᠢ ᠳᠠᠮᠵᠢᠭᠤᠯᠬᠤ ᠶᠢᠨ ᠳᠠᠭᠠᠯᠳᠤᠭᠤᠯᠤᠯ ᠬᠠᠭᠤᠳᠠᠰᠤ ᠪᠠᠷᠢᠮᠲᠠ ᠶᠢ ᠳᠥᠭᠦᠮᠴᠢᠯᠡᠵᠦ᠂ | ᠪᠠᠶᠢᠴᠠᠭᠠᠬᠤ ᠠᠵᠢᠯ ᠤᠨ ᠬᠠᠭᠤᠳᠠᠰᠤ ᠪᠠᠷᠢᠮᠲᠠ ᠶᠢ ᠥᠪᠡᠰᠦᠪᠡᠨ ᠲᠠᠩᠰᠠ ᠡᠪᠬᠡᠮᠡᠯ ᠳᠤ ᠣᠷᠣᠭᠤᠯᠤᠨ | ᠬᠠᠳᠠᠭᠠᠯᠠᠬᠤ ᠶᠢ ᠲᠤᠷᠰᠢᠨ ᠳᠡᠯᠭᠡᠷᠡᠭᠦᠯᠵᠦ᠂ ᠠᠵᠤ ᠠᠬᠤᠶᠢᠯᠠᠯ ᠤᠨ ᠪᠣᠭᠤᠮᠲᠠ ᠪᠠᠷ ᠥᠩᠭᠡᠷᠡᠬᠦ ᠥᠪᠡᠷ ᠤᠨ | ᠥᠷᠲᠡᠭ ᠢ ᠦᠨᠡᠨ ᠬᠦ ᠪᠠᠭᠤᠷᠠᠭᠤᠯᠵᠤ᠂ ᠪᠣᠭᠤᠮᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ | ᠰᠢᠯᠢᠳᠡᠭᠵᠢᠭᠦᠯᠪᠡ᠃ ︽ᠤᠷᠢᠳᠠᠪᠠᠷ ᠪᠠᠶᠢᠴᠠᠭᠠᠨ ᠰᠢᠯᠭᠠᠵᠤ ᠳᠠᠷᠠᠭ᠎ᠠ ᠨᠢ ᠠᠴᠢᠶᠠᠯᠠᠨ ᠲᠡᠭᠡᠭᠡᠪᠦᠷᠢᠯᠡᠬᠦ︾ ᠵᠠᠭᠪᠤᠷ ᠢ | ᠢᠳᠡᠪᠬᠢᠲᠡᠶ ᠨᠠᠶᠢᠳᠠᠪᠤᠷᠢᠵᠢᠭᠤᠯᠵᠤ᠂ ᠵᠢᠮᠢᠰ ᠢᠳᠡᠰᠢᠨ ᠨᠣᠭᠤᠭ᠎ᠠ ᠶᠢᠨ ᠪᠦᠲᠦᠭᠡᠭᠳᠡᠬᠦᠨ ᠢ ᠬᠢᠨᠠᠨ ᠬᠠᠮᠢᠶᠠᠷᠬᠤ ᠠᠷᠭ᠎ᠠ | ᠮᠠᠶ᠋ᠢᠭ ᠢ ᠦᠷᠭᠦᠯᠵᠢᠯᠡᠨ ᠰᠢᠯᠢᠳᠡᠭᠵᠢᠭᠦᠯᠵᠦ᠂ ︽5 + 2︾ ᠤᠨ ᠤᠷᠢᠳᠴᠢᠯᠠᠨ ᠪᠣᠯᠵᠣᠵᠤ ᠪᠠᠶᠢᠴᠠᠭᠠᠬᠤ ᠶᠢ | ᠬᠡᠷᠡᠭᠵᠢᠭᠦᠯᠦᠨ᠂ ᠣᠶᠤᠨᠴᠢ ᠪᠠᠷ ᠬᠢᠨᠠᠨ ᠲᠡᠭᠡᠭᠡᠪᠦᠷᠢᠯᠡᠵᠦ ᠪᠠᠭᠤᠯᠭᠠᠬᠤ᠂ ᠴᠠᠭ ᠲᠤᠬᠠᠶ ᠳᠤ ᠨᠢ ᠪᠢᠲᠡᠭᠦᠮᠵᠢᠯᠡᠬᠦ᠂ | ᠥᠯᠥ ᠬᠠᠯᠳᠠᠭᠠᠬᠤ ᠬᠡᠯᠪᠡᠷᠢ ᠶᠢᠨ ᠪᠠᠶᠢᠴᠠᠭᠠᠨ ᠰᠢᠯᠭᠠᠬᠤ ᠵᠡᠷᠭᠡ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠠᠪᠴᠤ | ᠪᠠᠶᠢᠭᠠᠳ ᠭᠠᠳᠠᠭᠠᠳᠤ ᠳᠤ ᠭᠠᠷᠭᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ |