| | ᠡᠨᠡ ᠵᠢᠯ ᠤᠨ ᠡᠮᠦᠨ᠎ᠡ 10 ᠰᠠᠷ᠎ᠠ ᠳᠤ᠂ ᠡᠷᠢᠶᠡᠨ ᠪᠣᠭᠤᠮᠲᠠ ᠶᠢᠨ ᠬᠢᠯᠢ ᠪᠠᠷ ᠨᠡᠪᠳᠡᠷᠡᠬᠦ ᠵᠠᠮ ᠬᠠᠷᠢᠯᠴᠠᠭ᠎ᠠ | ᠲᠡᠭᠡᠭᠡᠪᠦᠷᠢ ᠶᠢᠨ ᠪᠠᠭᠠᠵᠢ ᠬᠡᠷᠡᠭᠰᠡᠯ 55.4 ᠲᠦᠮᠡ ᠬᠦᠷᠴᠦ᠂ ᠠᠳᠠᠯᠢ ᠬᠤᠭᠤᠴᠠᠭᠠᠨ ᠤ ᠬᠢ ᠠᠴᠠ 180. | 4% ᠪᠠᠷ ᠨᠡᠮᠡᠭᠳᠡᠪᠡ᠃ ᠡᠭᠦᠨ ᠳᠤ᠂ ᠲᠡᠮᠦᠷ ᠵᠠᠮ ᠤᠨ ᠪᠣᠭᠤᠮᠲᠠ ᠪᠠᠷ ᠨᠡᠪᠳᠡᠷᠡᠬᠦ ᠲᠡᠷᠭᠡ 1.4 ᠲᠦᠮᠡ | ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.4% ᠪᠠᠷ ᠨᠡᠮᠡᠭᠳᠡᠪᠡ︔ ᠵᠠᠰᠠᠮᠠᠯ ᠵᠠᠮ ᠤᠨ | ᠪᠣᠭᠤᠮᠲᠠ ᠪᠠᠷ ᠨᠡᠪᠳᠡᠷᠡᠬᠦ ᠲᠡᠷᠭᠡ 54 ᠲᠦᠮᠡ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 192. | 9% ᠪᠠᠷ ᠨᠡᠮᠡᠭᠳᠡᠪᠡ᠃ | ᠡᠨᠡ ᠵᠢᠯ ᠠᠴᠠ ᠨᠠᠰᠢ᠂ ᠵᠠᠰᠠᠮᠠᠯ ᠵᠠᠮ ᠤᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠵᠠᠮ ᠳᠤ 6 ᠰᠠᠷ᠎ᠠ | 24 ᠴᠠᠭ ᠢᠶᠠᠷ ᠪᠣᠭᠤᠮᠲᠠ ᠪᠠᠷ ᠥᠩᠭᠡᠷᠡᠬᠦ᠂ 8 ᠰᠠᠭᠤᠳᠠᠯ ᠠᠴᠠ ᠳᠣᠷᠣᠭᠰᠢᠬᠢ ᠪᠠᠭ᠎ᠠ ᠬᠡᠯᠪᠡᠷᠢ ᠶᠢᠨ ᠲᠡᠷᠭᠡ | ᠬᠥᠰᠬᠡ ᠶᠢᠨ ᠪᠣᠭᠤᠮᠲᠠ ᠪᠠᠷ ᠥᠩᠭᠡᠷᠡᠬᠦ ᠲᠥᠷᠥ ᠶᠢᠨ ᠪᠣᠳᠣᠯᠭ᠎ᠠ ᠶᠢᠨ ᠠᠬᠢᠭᠤᠯᠤᠯ ᠳᠣᠤᠷ᠎ᠠ᠂ ᠨᠢᠭᠡ ᠪᠦᠯᠦᠭ | ᠠᠷᠠᠳ ᠤᠨ ᠠᠮᠢᠳᠤᠷᠠᠯ ᠤᠨ ᠡᠳ᠋ ᠪᠣᠳᠠᠰ᠂ ᠡᠳᠦᠷ ᠲᠤᠲᠤᠮ ᠤᠨ ᠬᠡᠷᠡᠭᠯᠡᠭᠡᠨ ᠤ ᠪᠦᠷᠢᠨ ᠪᠠᠷᠠᠭ᠎ᠠ᠂ ᠰᠢᠨ᠎ᠡ | ᠡᠨᠧᠷᠭᠢ ᠶᠢᠨ ᠮᠠᠰᠢᠨ ᠲᠡᠷᠭᠡ᠂ ᠶᠡᠭᠡ ᠬᠡᠮᠵᠢᠶᠡᠨ ᠤ ᠠᠭᠤᠷᠬᠠᠢ ᠶᠢᠨ ᠭᠠᠷᠤᠯᠲᠠ᠂ ᠲᠣᠮᠣ ᠬᠡᠯᠪᠡᠷᠢ ᠶᠢᠨ ᠪᠠᠷᠢᠯᠭ᠎ᠠ ᠶᠢᠨ | ᠮᠠᠰᠢᠨ ᠵᠡᠷᠭᠡ ᠲᠡᠷᠭᠡ ᠬᠥᠰᠬᠡ ᠶᠢ ᠳᠤᠮᠳᠠᠳᠤ ᠮᠣᠩᠭᠤᠯ ᠬᠤᠶᠠᠷ ᠤᠯᠤᠰ ᠤᠨ ᠬᠤᠭᠤᠷᠣᠨᠳᠣ ᠨᠠᠰᠢ ᠴᠠᠰᠢ | ᠭᠦᠶᠦᠯᠭᠡᠵᠦ᠂ ᠡᠷᠢᠶᠡᠨ ᠪᠣᠭᠤᠮᠲᠠ ᠶᠢᠨ ᠬᠢᠯᠢ ᠪᠠᠷ ᠨᠡᠪᠳᠡᠷᠡᠬᠦ ᠵᠠᠮ ᠬᠠᠷᠢᠯᠴᠠᠭᠠᠨ ᠤ ᠪᠠᠭᠠᠵᠢ ᠶᠢ ᠳᠠᠶᠢᠴᠢᠯᠠᠨ | ᠶᠡᠭᠡ ᠪᠠᠷ ᠨᠡᠮᠡᠭᠳᠡᠭᠦᠯᠪᠡ᠃ | ᠪᠣᠭᠤᠮᠲᠠ ᠪᠠᠷ ᠥᠩᠭᠡᠷᠡᠬᠦ ᠲᠡᠷᠭᠡ ᠬᠥᠰᠬᠡ ᠨᠡᠮᠡᠭᠳᠡᠵᠦ ᠪᠠᠶᠢᠭ᠎ᠠ ᠪᠣᠳᠠᠲᠠᠢ ᠪᠠᠶᠢᠳᠠᠯ ᠳᠤ ᠴᠢᠭᠯᠡᠭᠦᠯᠦᠨ᠂ | ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠵᠢᠴᠢ ᠬᠠᠮᠲᠤᠷᠠᠨ ᠪᠠᠶᠢᠴᠠᠭᠠᠵᠤ ᠬᠤᠯᠪᠣᠭᠠᠯᠠᠨ | ᠲᠡᠭᠡᠭᠡᠪᠦᠷᠢᠯᠡᠬᠦ ᠨᠢᠭᠡᠴᠡ ︽ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠰᠠᠭᠠᠳ ᠦᠭᠡᠢ | ᠨᠡᠪᠲᠡᠷᠡᠬᠦ ᠵᠠᠮ︾᠂ ︽ᠲᠠᠸᠠᠷ ᠤᠨ ᠲᠡᠷᠭᠡᠨ ᠤ ᠲᠤᠰᠬᠠᠢ ᠨᠡᠪᠲᠡᠷᠡᠬᠦ ᠵᠠᠮ︾ ᠵᠡᠷᠭᠡ ᠶᠢ ᠳᠥᠭᠦᠮᠴᠢᠯᠡᠬᠦ ᠪᠣᠭᠤᠮᠲᠠ ᠪᠠᠷ | ᠥᠩᠭᠡᠷᠡᠬᠦ ᠠᠷᠭ᠎ᠠ ᠬᠡᠮᠵᠢᠶ᠎ᠡ ᠶᠢ ᠦᠷᠭᠦᠯᠵᠢᠯᠡᠨ ᠰᠢᠯᠢᠳᠡᠭᠵᠢᠭᠦᠯᠵᠦ᠂ ︽ᠬᠥᠮᠥᠨ ᠲᠡᠷᠭᠡ ᠶᠢ ᠬᠦᠯᠢᠶᠡᠬᠦ᠂ ᠳᠡᠷᠡ | ᠳᠠᠷᠦ᠋ᠢᠬᠠᠨ ᠪᠠᠶᠢᠴᠠᠭᠠᠬᠤ︾ ᠶᠢ ᠪᠠᠷᠢᠮᠲᠠᠯᠠᠨ᠂ ᠪᠠᠷᠠᠭ᠎ᠠ ᠶᠢ ᠪᠣᠭᠤᠮᠲᠠ ᠪᠠᠷ ᠥᠩᠭᠡᠷᠡᠬᠦ ᠳᠤ ︽ᠴᠠᠭ ᠢ | ᠤᠷᠲᠤᠳᠬᠠᠬᠤ ᠦᠭᠡᠢ︾ ᠶᠢ ᠪᠠᠷᠢᠮᠲᠠᠯᠠᠵᠤ᠂ ᠪᠣᠭᠤᠮᠲᠠ ᠪᠠᠷ ᠥᠩᠭᠡᠷᠡᠬᠦ ᠳᠤ ᠵᠣᠬᠢᠴᠠᠭᠤᠯᠤᠨ ᠬᠠᠮᠲᠤᠷᠠᠨ | ᠬᠥᠳᠡᠯᠦᠯᠴᠡᠬᠦ ᠲᠣᠭᠲᠠᠴᠠ ᠶᠢ ᠰᠠᠶᠢᠲᠤᠷ ᠬᠡᠷᠡᠭᠯᠡᠵᠦ᠂ ᠪᠣᠭᠤᠮᠲᠠ ᠪᠠᠷ ᠥᠩᠭᠡᠷᠡᠬᠦ ᠴᠠᠭ ᠢ ᠪᠠᠭᠠᠰᠬᠠᠨ᠂ | ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ |