| ᠲᠦᠷᠦᠭᠦᠬᠡᠨ᠂ ᠮᠠᠨ ᠤ ᠬᠤᠲᠠ ᠶᠢᠨ ᠳᠠᠭᠠᠳᠬᠠᠯ ᠳᠤ ᠣᠷᠣᠯᠴᠠᠭᠰᠠᠨ ᠠᠵᠢᠯᠲᠠᠨ ᠶᠠᠩ ᠠᠪᠠᠭ᠋ᠠᠶ ᠬᠤᠲᠠ ᠶᠢᠨ | ᠠᠷᠠᠳ ᠤᠨ ᠡᠮᠨᠡᠯᠭᠡ ᠶᠢᠨ ᠬᠤᠷᠢᠶ᠎ᠠ ᠳᠤ ᠬᠥᠩᠭᠡᠵᠢᠵᠦ ᠡᠮᠨᠡᠯᠭᠡ ᠠᠴᠠ ᠭᠠᠷᠬᠤ ᠭᠠᠷ ᠭᠦᠢᠴᠡᠳᠬᠡᠯ ᠬᠢᠪᠡ᠃ | ᠰᠠᠨᠠᠭᠰᠠᠨ ᠠᠴᠠ ᠭᠠᠳᠠᠨ᠎ᠠ᠂ 4 ᠠᠵᠢᠯᠯᠠᠬᠤ ᠡᠳᠦᠷ ᠤᠨ ᠳᠣᠳᠣᠷ᠎ᠠ᠂ ᠶᠠᠩ ᠠᠪᠠᠭ᠋ᠠᠶ ᠶᠢᠨ ᠬᠥᠩᠭᠡᠵᠢᠯ ᠤᠨ | ᠨᠥᠬᠦᠪᠥᠷᠢ ᠮᠥᠩᠭᠦ ᠤᠷᠤᠭᠰᠢᠲᠠᠶ ᠲᠠᠩᠰᠠᠨ ᠳᠤ ᠣᠷᠣᠵᠤ᠂ ︽ᠭᠤᠶᠤᠴᠢᠯᠠᠬᠤ ᠥᠬᠡᠶ ᠪᠠᠷ ᠡᠳ᠋ᠯᠡᠬᠦ︾ ᠲᠥᠷᠥ ᠶᠢᠨ | ᠪᠣᠳᠣᠯᠭ᠎ᠠ ᠶᠢᠨ ᠠᠪᠴᠢᠷᠠᠭᠰᠠᠨ ᠲᠥᠬᠦᠮ ᠦᠵᠡᠭᠦᠯᠦᠭᠰᠡᠨ ᠨᠢ ᠶᠠᠩ ᠠᠪᠠᠭ᠋ᠠᠶ ᠳᠤ ᠮᠠᠰᠢ ᠳᠦᠬᠦᠮ ᠬᠠᠯᠠᠮᠵᠢᠳᠠᠢ | ᠰᠠᠨᠠᠭᠳᠠᠵᠠᠢ᠃ | ᠥᠩᠭᠡᠷᠡᠭᠰᠡᠨ ᠳᠤ᠂ ᠳᠠᠭᠠᠳᠬᠠᠯ ᠳᠤ ᠣᠷᠣᠯᠴᠠᠭᠰᠠᠨ ᠡᠮᠡᠭᠲᠡᠢ ᠠᠵᠢᠯᠲᠠᠨ ᠠᠵᠢᠯᠴᠢᠨ ᠬᠥᠩᠭᠡᠵᠢᠯ ᠤᠨ | ᠨᠥᠬᠦᠪᠥᠷᠢ ᠮᠥᠩᠭᠦ ᠭᠤᠶᠤᠴᠢᠯᠠᠬᠤ ᠳᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠴᠣᠩᠬᠤᠨ ᠳᠤ | ᠬᠦᠷᠴᠦ᠂ ᠣᠨᠣᠰᠢᠯᠠᠯᠲᠠ ᠶᠢᠨ ᠭᠡᠷᠡᠴᠢ ᠪᠢᠴᠢᠭ᠂ ᠳ᠋ᠦᠩᠨᠡᠨ ᠪᠤᠳᠤᠭᠰᠠᠨ ᠭᠡᠷᠡᠴᠢ ᠪᠠᠷᠢᠮᠲᠠ ᠵᠡᠷᠭᠡ ᠮᠠᠲ᠋ᠧᠷᠢᠶᠠᠯ ᠢᠶᠠᠨ | ᠲᠤᠰᠢᠶᠠᠵᠤ ᠬᠠᠮᠢᠶ᠎ᠠ ᠪᠦᠬᠦᠢ ᠭᠠᠷ ᠭᠦᠢᠴᠡᠳᠬᠡᠯ ᠬᠢᠯᠭᠡᠵᠦ᠂ ᠰᠠᠶ᠋ᠢ ᠲᠥᠷᠥᠭᠰᠡᠨ ᠬᠡᠦᠬᠡᠳ ᠤᠨ ᠡᠴᠢᠭᠡ ᠡᠬᠡ ᠳᠤ | ᠠᠯᠢ ᠣᠯᠠᠨ ᠪᠤᠬᠢᠨᠢᠳᠤᠯ ᠨᠡᠮᠡᠷᠢᠯᠡᠭᠰᠡᠨ ᠪᠠᠶᠢᠨ᠎ᠠ᠃ | ᠡᠨᠡ ᠵᠢᠯ ᠤᠨ 5 ᠰᠠᠷ᠎ᠠ ᠶᠢᠨ 1 ᠤ ᠡᠳᠦᠷ ᠠᠴᠠ ᠡᠬᠢᠯᠡᠨ᠂ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ | ᠲᠣᠪᠴᠢᠶ᠎ᠠ ᠬᠥᠩᠭᠡᠵᠢᠯ ᠤᠨ ᠨᠡᠮᠡᠭᠦᠷᠢ ᠶᠢ ︽ᠭᠤᠶᠤᠴᠢᠯᠠᠬᠤ ᠠᠴᠠ ᠭᠡᠯᠳᠦᠷᠢᠭᠦᠯᠵᠦ ᠳᠠᠷᠦ᠋ᠢᠬᠠᠨ ᠡᠳ᠋ᠯᠡᠬᠦ︾ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠪᠡ᠃ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠬᠦᠷᠢᠶᠡᠨ ᠳᠤ | ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠪᠦᠲᠦᠭᠡᠵᠦ ᠳᠠᠭᠤᠰᠬᠠᠬᠤ︾ ᠶᠢ ᠠᠬᠢᠭᠤᠯᠬᠤ ᠠᠷᠭ᠎ᠠ ᠬᠡᠮᠵᠢᠶ᠎ᠡ ᠶᠢᠨ | ᠨᠢᠭᠡ ᠪᠣᠯᠤᠭᠰᠠᠨ ᠤ ᠬᠤᠪᠢ ᠳᠤ᠂ ᠨᠥᠬᠦᠴᠡᠯ ᠳᠤ ᠨᠡᠶᠢᠴᠡᠬᠦ ᠬᠥᠩᠭᠡᠵᠢᠭᠰᠡᠨ ᠡᠮᠡᠭᠲᠡᠶ ᠠᠵᠢᠯᠲᠠᠨ ᠠᠵᠢᠯᠴᠢᠨ ᠴᠥᠮ | ︽ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠠᠪᠴᠠᠩ︾ ᠤᠨ APP᠂ ︽ᠥᠪᠥᠷ | ᠮᠣᠩᠭᠤᠯ ᠤᠨ ᠡᠮ ᠡᠮᠨᠡᠯᠭᠡ ᠶᠢᠨ ᠳᠠᠭᠠᠳᠬᠠᠯ︾ ᠤᠨ APP᠂ ︽ᠮᠥᠩᠬᠡ ᠰᠤᠪᠠᠭ︾ APP ᠪᠠᠷ ᠳᠠᠮᠵᠢᠭᠤᠯᠤᠨ | ᠠᠯᠢ ᠨᠢᠭᠡᠨ ᠠᠷᠭ᠎ᠠ ᠵᠠᠮ ᠢᠶᠠᠷ ᠭᠤᠶᠤᠴᠢᠯᠠᠵᠤ ᠪᠣᠯᠤᠨ᠎ᠠ᠃ ᠦᠷᠡᠵᠢᠯ ᠤᠨ ᠡᠮᠨᠡᠯᠭᠡ ᠠᠴᠠ ᠭᠠᠷᠬᠤ ᠭᠠᠷᠳᠠᠮ ᠢ | ᠬᠦᠢᠴᠡᠳᠬᠡᠬᠦ ᠠᠴᠠ ᠡᠮᠦᠨ᠎ᠡ ᠬᠤᠪᠢ ᠬᠥᠮᠦᠨ ᠤ ᠮᠡᠳᠡᠭᠡ ᠵᠠᠩᠭᠢ ᠶᠢ ᠲᠡᠭᠦᠯᠳᠡᠷᠵᠢᠭᠦᠯᠵᠦ᠂ ᠭᠤᠶᠤᠴᠢᠯᠠᠨ ᠠᠪᠬᠤ | ᠮᠠᠲ᠋ᠧᠷᠢᠶᠠᠯ ᠢᠶᠠᠨ ᠲᠤᠰᠢᠶᠠᠬᠤ ᠴᠢᠬᠤᠯᠠ ᠥᠬᠡᠶ᠂ ᠡᠮᠴᠢᠯᠡᠭᠡᠨ ᠤ ᠳᠠᠭᠠᠳᠬᠠᠯ ᠤᠨ ᠰᠢᠰᠲ᠋ᠧᠮ ᠤᠨ ᠠᠦ᠋ᠲ᠋ᠣ᠋ ᠬᠢᠨᠠᠨ | ᠰᠢᠯᠭᠠᠯᠲᠠ ᠪᠠᠷ ᠳᠡᠮᠵᠢᠨ ᠦᠷᠡᠵᠢᠯ ᠤᠨ ᠨᠡᠮᠡᠭᠦᠷᠢ ᠶᠢ ᠠᠦ᠋ᠲ᠋ᠣ᠋ ᠭᠤᠶᠤᠴᠢᠯᠠᠨ ᠮᠡᠳᠡᠭᠦᠯᠬᠦ ᠶᠢ ᠪᠡᠶᠡᠯᠡᠭᠦᠯᠵᠦ ᠪᠣᠯᠤᠨ᠎ᠠ᠃ | ᠨᠥᠬᠦᠴᠡᠯ ᠳᠤ ᠨᠡᠶᠢᠴᠡᠬᠦ ᠳᠠᠭᠠᠳᠬᠠᠯ ᠳᠤ ᠣᠷᠣᠯᠴᠠᠭᠰᠠᠳ ᠤᠨ 10 ᠠᠵᠢᠯᠯᠠᠬᠤ ᠡᠳᠦᠷ ᠤᠨ ᠳᠣᠲᠣᠷ᠎ᠠ ᠨᠡᠮᠡᠭᠦᠷᠢ | ᠣᠯᠭᠤᠬᠤ ᠠᠵᠢᠯ ᠢ ᠪᠡᠶᠡᠯᠡᠭᠦᠯᠵᠦ᠂ ᠭᠤᠶᠤᠴᠢᠯᠠᠨ ᠠᠪᠬᠤ ᠶᠠᠪᠤᠴᠠ ᠶᠢ ᠲᠦᠢᠯ ᠤᠨ ᠶᠡᠭᠡ ᠪᠠᠷ ᠳᠥᠭᠦᠮᠴᠢᠯᠡᠵᠦ᠂ | ᠦᠢᠯᠡᠴᠢᠯᠡᠭᠡᠨ ᠤ ᠤᠶᠤᠨᠴᠢᠯᠠᠬᠤ ᠬᠢᠷᠢ ᠲᠦᠪᠰᠢᠨ ᠢ ᠳᠡᠭᠡᠭᠰᠢᠯᠡᠭᠦᠯᠪᠡ᠃ | ᠣᠶᠢᠯᠠᠭᠠᠭᠰᠠᠨ ᠢᠶᠠᠷ᠂ ᠰᠢᠨ᠎ᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠬᠡᠷᠡᠭᠵᠢᠭᠦᠯᠦᠭᠰᠡᠨ ᠠᠴᠠ ᠨᠠᠰᠢ᠂ | ᠮᠠᠨ ᠤ ᠬᠤᠲᠠ ᠨᠢᠭᠡᠨᠲᠡ ᠦᠷᠡᠵᠢᠯ ᠤᠨ ᠨᠡᠮᠡᠭᠦᠷᠢ ᠶᠢ ᠭᠠᠷ ᠤᠲᠠᠰᠤ ᠪᠠᠷ ᠭᠤᠶᠤᠴᠢᠯᠠᠨ ᠮᠡᠳᠡᠭᠦᠯᠦᠭᠰᠡᠨ 26 | ᠠᠵᠢᠯᠲᠠᠨ ᠠᠵᠢᠯᠴᠢᠨ ᠳᠤ ᠨᠡᠶᠢᠲᠡ 55.9 ᠲᠦᠮᠡᠨ ᠲᠥᠭᠦᠷᠢᠭ ᠤᠨ ᠬᠥᠩᠭᠡᠵᠢᠯ ᠤᠨ ᠨᠥᠬᠦᠪᠥᠷᠢ ᠣᠯᠭᠤᠵᠤ᠂ | ᠬᠥᠩᠭᠡᠵᠢᠯ ᠤᠨ ᠨᠡᠮᠡᠭᠦᠷᠢ ᠶᠢᠨ ︽ᠰᠧᠺᠦ᠋ᠨ᠋ᠳ᠋ ᠲᠤ ᠳᠠᠩᠰᠠᠨ ᠳᠤ ᠣᠷᠣᠬᠤ︾ ᠶᠢ ᠦᠨᠡᠨ ᠬᠦ ᠪᠡᠶᠡᠯᠡᠭᠦᠯᠵᠦ᠂ ᠣᠯᠠᠨ | ᠲᠦᠮᠡᠨ ᠳᠤ ᠨᠠᠩ ᠲᠥᠬᠦᠮ ᠦᠵᠡᠭᠦᠯᠬᠦ᠂ ᠠᠷᠠᠳ ᠢ ᠳᠤᠯᠠᠭᠠᠴᠠᠭᠤᠯᠬᠤ᠂ ᠠᠷᠠᠳ ᠲᠤ ᠠᠰᠢᠭ ᠬᠦᠷᠲᠡᠭᠡᠬᠦ ᠡᠮ | ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡ ᠶᠢ ᠬᠦᠷᠲᠡᠭᠡᠪᠡ᠃ |