| 11 ᠰᠠᠷ᠎ᠠ ᠶᠢᠨ 16 ᠤ ᠡᠳᠦᠷ᠂ ᠴᠢᠩᠭᠡᠯᠢᠭ ᠢ ᠳᠦᠭᠦᠷᠲᠡᠯ᠎ᠡ ᠲᠡᠭᠡᠭᠡᠭᠰᠡᠨ 55 ᠳᠤᠮᠳᠠᠳᠤ ᠡᠸᠦ᠋ᠷᠦᠫᠡ ᠶᠢᠨ | ᠵᠢᠰᠢᠶᠠᠨ ᠤ ᠭᠠᠯᠲᠤ ᠲᠡᠷᠭᠡ ᠡᠷᠢᠶᠡᠨ ᠬᠦᠷᠬᠦ ᠲᠡᠮᠦᠷ ᠵᠠᠮ ᠤᠨ ᠪᠣᠭᠤᠮᠲᠠ ᠶᠢᠨ ᠪᠠᠷᠠᠭᠠᠨ ᠤ ᠲᠠᠯᠠᠪᠠᠢ ᠠᠴᠠ ᠭᠠᠷᠴᠤ | ᠧᠦ᠋ᠷᠣᠫᠠ ᠲᠢᠪ ᠲᠤ ᠲᠠᠷᠬᠠᠭᠠᠪᠠ᠃ ᠣᠳᠣᠬᠠᠨ ᠪᠣᠯᠲᠠᠯ᠎ᠠ᠂ ᠡᠷᠢᠶᠡᠨ ᠲᠡᠮᠦᠷ ᠵᠠᠮ ᠤᠨ ᠪᠣᠭᠤᠮᠲᠠ ᠡᠨᠡ ᠵᠢᠯ ᠤᠨ | ᠬᠢᠯᠢ ᠪᠠᠷ ᠣᠷᠣᠵᠤ ᠭᠠᠷᠬᠤ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠨᠢᠭᠡᠨᠲᠡ 3000 ᠴᠤᠪᠤᠭ᠎ᠠ | ᠪᠣᠯᠵᠤ᠂ ᠨᠢᠳᠤᠨᠤᠨ ᠤ ᠬᠢ ᠠᠴᠠ 12 ᠡᠳᠦᠷ ᠤᠷᠢᠳᠴᠢᠯᠠᠨ ᠤᠷᠢᠳᠴᠢᠯᠠᠪᠠ᠃ | | | | | ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡᠨ ᠤ ᠳᠤᠮᠳᠠ ᠵᠠᠮ ᠤᠨ ᠴᠤᠷ ᠤᠨ ᠭᠠᠭᠴᠠ ᠬᠢᠯᠢ ᠪᠠᠷ | ᠣᠷᠣᠵᠤ ᠭᠠᠷᠬᠤ ᠵᠠᠩᠭᠢᠯᠠᠭ᠎ᠠ ᠶᠢᠨ ᠴᠡᠭ ᠪᠣᠯᠤᠭᠰᠠᠨ ᠤ ᠬᠤᠪᠢ ᠳᠤ᠂ ᠡᠨᠡ ᠵᠢᠯ ᠠᠴᠠ ᠨᠠᠰᠢ᠂ ᠪᠣᠭᠤᠮᠲᠠ ᠶᠢᠨ | ᠲᠡᠮᠦᠷ ᠵᠠᠮ ᠤᠨ ᠰᠠᠯᠠᠭ᠎ᠠ ᠮᠥᠴᠢᠷ ᠲᠡᠭᠡᠭᠡᠪᠦᠷᠢ ᠶᠢᠨ ᠰᠣᠯᠢᠵᠤ ᠠᠴᠢᠶᠠᠯᠠᠬᠤ ᠠᠵᠢᠯᠯᠠᠭᠠᠨ ᠤ ᠶᠠᠪᠤᠴᠠ ᠪᠠᠨ | ᠲᠠᠰᠤᠷᠠᠯᠲᠠ ᠥᠬᠡᠶ ᠰᠢᠯᠢᠳᠡᠭᠵᠢᠭᠦᠯᠵᠦ᠂ ᠲᠣᠬᠢᠷᠠᠭᠤᠯᠬᠤ᠂ ᠪᠠᠷᠠᠭ᠎ᠠ ᠲᠡᠭᠡᠭᠡᠪᠦᠷᠢᠯᠡᠬᠦ᠂ ᠠᠴᠢᠶᠠᠯᠠᠵᠤ ᠪᠠᠭᠤᠯᠭᠠᠬᠤ ᠶᠢ | ᠨᠢᠭᠡ ᠴᠣᠭᠴᠠᠵᠢᠭᠤᠯᠤᠭᠰᠠᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠣᠶ ᠪᠣᠯᠭᠠᠪᠠ᠃ ᠪᠣᠭᠤᠮᠲᠠ ᠶᠢᠨ | ᠲᠤᠰᠢᠶᠠᠬᠤ ᠪᠠ ᠭᠥᠯᠢᠶᠡᠨ ᠠᠪᠬᠤ ᠶᠢ ᠨᠠᠩ ᠢᠯᠭᠤᠮ ᠪᠥᠭᠡᠳ ᠥᠨᠳᠥᠷ ᠪᠦᠲᠦᠮᠵᠢᠲᠡᠶ ᠪᠣᠯᠭᠠᠵᠤ᠂ | ᠲᠣᠭᠠᠴᠢᠯᠠᠭᠰᠠᠨ ᠪᠣᠭᠤᠮᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠡᠯ᠎ᠡ ᠰᠠᠯᠠᠭ᠎ᠠ | ᠮᠥᠴᠢᠷ ᠤᠨ ᠣᠯᠠᠨ ᠤᠯᠤᠰ ᠤᠨ ᠬᠠᠮᠲᠤᠷᠠᠭᠰᠠᠨ ᠲᠡᠭᠡᠭᠡᠪᠦᠷᠢ ᠶᠢᠨ ᠮᠡᠳᠡᠭᠡ ᠵᠠᠩᠭᠢ ᠶᠢᠨ ᠬᠤᠯᠪᠣᠯᠳᠤᠨ | ᠨᠡᠪᠲᠡᠷᠡᠯᠴᠡᠵᠦ᠂ ᠳᠡᠭᠡᠳᠦ ᠬᠡᠮᠵᠢᠶ᠎ᠡ ᠪᠠᠷ ᠬᠠᠮᠵᠢᠯᠴᠠᠨ᠂ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ | ᠲᠠᠰᠤᠷᠠᠯᠲᠠ ᠥᠬᠡᠶ ᠳᠡᠭᠡᠭᠰᠢᠯᠡᠭᠦᠯᠵᠦ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠪᠣᠭᠤᠮᠲᠠ ᠪᠠᠷ | ᠥᠩᠭᠡᠷᠡᠬᠦ ᠴᠠᠭ ᠢ ᠠᠳᠠᠯᠢ ᠬᠤᠭᠤᠴᠠᠭᠠᠨ ᠤ ᠬᠢ ᠠᠴᠠ 5% ᠪᠠᠷ ᠪᠠᠭᠠᠰᠬᠠᠵᠤ᠂ ᠬᠢᠯᠢ ᠶᠢᠨ ᠪᠠᠶᠢᠴᠠᠭᠠᠯᠲᠠ ᠬᠢᠵᠦ | ᠪᠠᠶᠢᠴᠠᠭᠠᠨ ᠰᠢᠯᠭᠠᠬᠤ ᠴᠠᠭ ᠢ 30 ᠮᠢᠨᠦ᠋ᠲ ᠤᠨ ᠳᠣᠲᠣᠷ᠎ᠠ ᠪᠣᠯᠲᠠᠯ᠎ᠠ ᠪᠣᠭᠤᠨᠢᠰᠬᠠᠪᠠ᠃ | | | | | ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ | ᠲᠠᠰᠤᠷᠠᠯᠲᠠ ᠦᠭᠡᠢ ᠭᠦᠨᠵᠡᠭᠡᠶᠢᠷᠡᠬᠦ ᠶᠢ ᠳᠠᠭᠠᠯᠳᠤᠨ᠂ ᠡᠷᠢᠶᠡᠨ ᠲᠡᠮᠦᠷ ᠵᠠᠮ ᠤᠨ ᠪᠣᠭᠤᠮᠲᠠ ᠳᠤ ᠳᠤᠮᠳᠠᠳᠤ | ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡᠨ ᠤ ᠪᠠᠷᠠᠭ᠎ᠠ ᠲᠡᠭᠡᠭᠡᠪᠦᠷᠢᠯᠡᠬᠦ ᠲᠦᠷᠦᠯ ᠵᠦᠢᠯ ᠨᠡᠩ ᠪᠠᠶᠠᠯᠢᠭ ᠪᠣᠯᠵᠤ᠂ | ᠣᠨᠴᠠᠭᠠᠶᠢᠯᠠᠨ ᠤᠯᠤᠰ ᠲᠠᠭᠠᠨ ᠦᠢᠯᠡᠳᠪᠦᠷᠢᠯᠡᠭᠰᠡᠨ ᠮᠠᠰᠢᠨ ᠲᠡᠷᠭᠡ ᠪᠦᠬᠦ ᠪᠥᠮᠪᠥᠷᠴᠡᠭ ᠲᠤ ᠲᠦᠷᠭᠡᠨ ᠠᠶᠠᠯᠠᠪᠠ᠃ | ᠪᠦᠷᠢᠳᠬᠡᠯ ᠢᠶᠠᠷ᠂ ᠡᠨᠡ ᠵᠢᠯ ᠳᠤᠮᠳᠠᠳᠤ ᠧᠦ᠋ᠷᠦᠫᠡ ᠶᠢᠨ ᠡᠭᠡᠯᠵᠢ ᠶᠢᠨ ᠭᠠᠯᠲᠤ ᠲᠡᠷᠭᠡᠨ ᠤ ᠳᠤᠮᠳᠠᠭᠤᠷ ᠥᠩᠭᠡᠷᠡᠬᠦ | ᠤᠯᠤᠰ ᠤᠨ ᠦᠢᠯᠡᠳᠪᠦᠷᠢᠯᠡᠭᠰᠡᠨ ᠮᠠᠰᠢᠨ ᠲᠡᠷᠭᠡ 181 ᠳᠤ ᠬᠦᠷᠴᠦ᠂ ᠭᠠᠳᠠᠭᠠᠳᠤ ᠳᠤ ᠭᠠᠷᠭᠠᠬᠤ ᠪᠠᠷᠠᠭᠠᠨ ᠤ 11 | ᠬᠤᠪᠢ ᠶᠢ ᠡᠵᠡᠯᠡᠪᠡ᠃ |