| | ᠰᠢᠨᠬᠤᠸᠠ ᠬᠤᠷᠢᠶ᠎ᠠ ᠶᠢᠨ ᠯᠢᠮᠠ ᠶᠢᠨ 11 ᠰᠠᠷ᠎ᠠ ᠶᠢᠨ 14 ᠤ ᠴᠠᠭᠢᠯᠭᠠᠨ ᠮᠡᠳᠡᠭᠡ ᠲᠤᠬᠠᠢ ᠶᠢᠨ ᠭᠠᠵᠠᠷ ᠤᠨ | ᠴᠠᠭ ᠢᠶᠠᠷ 11 ᠰᠠᠷ᠎ᠠ ᠶᠢᠨ 14 ᠤ ᠡᠳᠦᠷ᠂ ᠯᠢᠮᠠ ᠳᠤ ᠬᠦᠷᠴᠦ ᠫᠧᠷᠦ᠋ ᠳᠤ ᠲᠥᠷᠥ ᠶᠢᠨ ᠶᠠᠪᠤᠳᠠᠯ ᠤᠨ ᠠᠶᠢᠯᠴᠢᠯᠠᠯᠲᠠ | ᠬᠢᠬᠦ ᠶᠢᠨ ᠬᠠᠮᠲᠤ ᠠᠽᠢᠶ᠎ᠠ ᠲᠢᠪ ᠨᠣᠮᠣᠬᠠᠨ ᠲᠡᠯᠡᠶ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠶᠢᠨ ᠤᠳᠤᠷᠢᠳᠬᠤ ᠬᠥᠮᠥᠰ ᠤᠨ ᠭᠤᠴᠢᠨ ᠨᠢᠭᠡᠳᠦᠭᠡᠷ ᠤᠳᠠᠭ᠎ᠠ ᠶᠢᠨ ᠠᠯᠪᠠᠨ ᠶᠣᠰᠣᠨ ᠤ ᠪᠤᠰᠤ ᠬᠤᠷᠠᠯ ᠳᠤ | ᠣᠷᠤᠯᠴᠠᠬᠤ ᠲᠠᠰᠢᠷᠠᠮ ᠳᠤ᠂ ᠤᠯᠤᠰ ᠤᠨ ᠲᠡᠷᠢᠭᠦᠯᠡᠭᠴᠢ ᠰᠢ ᠶᠢᠨ ᠫᠢᠩ ︽ᠫᠧᠷᠦ᠋ᠴᠦᠳ ᠰᠣᠨᠢᠨ︾ ᠳᠤ ︽ᠳᠤᠮᠳᠠᠳᠤ | ᠫᠧᠷᠦ᠋ ᠶᠢᠨ ᠨᠥᠬᠦᠷᠯᠡᠯ ᠤᠨ ᠣᠩᠭᠤᠴᠠ ᠶᠢ ᠳᠠᠷᠪᠠᠭᠤᠯ ᠬᠡᠶᠢᠰᠬᠡᠨ ᠬᠤᠯᠠ ᠠᠶᠠᠯᠠᠭᠤᠯᠤᠶ᠎ᠠ︾ ᠭᠡᠬᠦ ᠰᠡᠳᠦᠪ ᠢᠶᠠᠷ ᠨᠡᠷ᠎ᠡ | ᠬᠠᠲᠠᠭᠰᠠᠨ ᠵᠣᠬᠢᠶᠠᠯ ᠨᠡᠶᠢᠲᠡᠯᠡᠪᠡ᠃ ᠵᠣᠬᠢᠶᠠᠯ ᠤᠨ ᠪᠦᠭᠦ ᠠᠭᠤᠯᠭ᠎ᠠ ᠨᠢ ᠳᠣᠣᠷᠠᠬᠢ ᠮᠡᠲᠦ᠄ | | ᠳᠤᠮᠳᠠᠳᠤ ᠫᠧᠷᠦ᠋ ᠶᠢᠨ ᠨᠥᠬᠦᠷᠯᠡᠯ ᠤᠨ ᠣᠩᠭᠤᠴᠠ ᠶᠢ ᠳᠠᠷᠪᠠᠭᠤᠯ ᠬᠡᠶᠢᠰᠬᠡᠨ ᠬᠤᠯᠠ ᠠᠶᠠᠯᠠᠭᠤᠯᠤᠶ᠎ᠠ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ | | ᠡᠮᠦᠨᠡᠲᠦ ᠬᠠᠭᠠᠰ ᠪᠥᠮᠪᠥᠷᠴᠡᠭ ᠤᠨ ᠵᠤᠨ ᠤ ᠡᠬᠢᠨ ᠰᠠᠷ᠎ᠠ ᠳᠤ ᠠᠮᠢᠵᠢᠷᠠᠯ ᠤᠨ ᠬᠦᠴᠦᠨ ᠪᠠ ᠬᠦᠰᠡᠯ ᠡᠷᠡᠮᠡᠯᠵᠡᠯ ᠢᠶᠠᠷ | ᠪᠢᠯᠬᠠᠮ᠎ᠠ ᠪᠠᠶᠢᠨ᠎ᠠ᠃ ᠶᠡᠷᠦᠩᠬᠡᠶᠢᠯᠡᠭᠴᠢ ᠪᠦᠷᠦ᠊ ᠆ ᠠᠷᠲ᠋ᠧ ᠶᠢᠨ ᠤᠷᠢᠯᠭ᠎ᠠ ᠪᠠᠷ᠂ ᠤ ᠢ ᠪᠦᠭᠦᠳᠡ ᠨᠠᠶᠢᠷᠠᠮᠳᠠᠬᠤ ᠫᠧᠷᠦ᠋ | ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠶᠢᠨ ᠬᠠᠮᠲᠤ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ | ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠭᠤᠴᠢᠨ ᠨᠢᠭᠡᠳᠦᠭᠡᠷ ᠤᠳᠠᠭ᠎ᠠ ᠶᠢᠨ ᠤᠳᠤᠷᠢᠳᠬᠤ | ᠬᠥᠮᠥᠰ ᠤᠨ ᠠᠯᠪᠠᠨ ᠶᠣᠰᠣᠨ ᠤ ᠪᠤᠰᠤ ᠬᠤᠷᠠᠯ ᠳᠤ ᠣᠷᠤᠯᠴᠠᠬᠤ ᠪᠠᠷ ᠪᠠᠶᠢᠨ᠎ᠠ᠃ | ᠡᠨᠡ ᠪᠣᠯ ᠤ ᠢ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠶᠢᠨ ᠲᠤᠰᠢᠶᠠᠯ ᠢ | ᠡᠭᠦᠷᠭᠡᠯᠡᠭᠰᠡᠨ ᠤ ᠳᠠᠷᠠᠭ᠎ᠠ ᠬᠤᠶᠠᠳᠠᠭᠢ ᠤᠳᠠᠭ᠎ᠠ ᠫᠧᠷᠦ᠋ ᠭᠡᠬᠦ ᠡᠨᠡ ᠬᠦ ᠳᠤᠮᠳᠠᠳᠤ ᠤᠯᠤᠰ ᠤᠨ ᠨᠣᠮᠣᠬᠠᠨ ᠲᠡᠯᠡᠶ ᠶᠢᠨ | ᠲᠡᠷᠲᠡᠭᠡ ᠡᠷᠭᠢ ᠳᠠᠬᠢ ︽ᠬᠥᠷᠰᠢ ᠵᠡᠷᠭᠡᠯᠡᠳᠡᠭᠡ︾ ᠤᠯᠤᠰ ᠲᠤ ᠠᠶᠢᠯᠴᠢᠯᠠᠬᠤ ᠪᠠᠷ ᠪᠠᠶᠢᠭ᠎ᠠ ᠶᠠᠪᠤᠳᠠᠯ ᠪᠣᠯᠣᠨ᠎ᠠ᠃ ᠠᠳᠡ | ᠺᠠᠯᠠᠷ᠂ ᠴᠠᠸᠢᠨ᠂ ᠴᠢᠮᠦ᠂ ᠢᠨᠺᠠ ᠵᠡᠷᠭᠡ ᠡᠷᠲᠡᠨ ᠤ ᠪᠣᠯᠪᠠᠰᠤᠨ ᠢ ᠪᠤᠶᠢᠵᠢᠭᠤᠯᠵᠠᠢ᠂ ᠠᠳᠡᠬᠢ ᠠᠷᠠᠳ ᠲᠦᠮᠡᠨ ᠳᠤᠮᠳᠠᠳᠤ | ᠤᠯᠤᠰ ᠤᠨ ᠬᠥᠮᠥᠨ ᠢ ︽ᠨᠤᠲᠤᠭ ᠤᠨ ᠠᠬ᠎ᠠ ᠳᠡᠭᠦᠦ︾ ᠭᠡᠵᠦ ᠳᠣᠲᠣᠨᠣᠴᠢᠯᠠᠨ ᠳᠠᠭᠤᠳᠠᠳᠠᠭ᠂ ᠠᠳᠡᠬᠢ ᠤᠯᠤᠰ ᠤᠨ | ᠬᠤᠷᠠᠯ ᠠᠴᠠ ᠰᠢᠢᠳᠪᠦᠷᠢ ᠪᠠᠲᠤᠯᠠᠵᠤ ᠵᠢᠯ ᠪᠦᠷᠢ ᠶᠢᠨ 2 ᠰᠠᠷ᠎ᠠ ᠶᠢᠨ 1 ᠤ ᠡᠳᠦᠷ ᠢ ︽ᠫᠧᠷᠦ᠋ ᠳᠤᠮᠳᠠᠳᠤ ᠶᠢᠨ | ᠨᠥᠬᠦᠷᠯᠡᠯ ᠤᠨ ᠡᠳᠦᠷ︾ ᠢᠶᠠᠷ ᠲᠣᠭᠲᠠᠭᠠᠵᠤ᠂ ᠠᠳᠡᠬᠢ ᠬᠢᠲᠠᠳ ᠬᠤᠭᠤᠯᠠᠨ ᠭᠡᠷ ᠢ ︽ᠬᠤᠭᠤᠯᠠ ᠢᠳᠡᠬᠦ︾ ᠭᠡᠵᠦ | ᠨᠡᠷᠡᠶᠢᠳᠬᠦ ᠪᠠᠷ ᠪᠠᠶᠢᠨ᠎ᠠ᠃ ᠫᠧᠷᠦ᠋ ᠳᠤ ᠢᠷᠡᠬᠦ ᠪᠣᠯᠭᠠᠨ᠂ ᠤ ᠢ ᠫᠧᠷᠦ᠋ ᠶᠢᠨ ᠠᠷᠠᠳ ᠲᠦᠮᠡᠨ ᠤ ᠳᠤᠮᠳᠠᠳᠤ ᠤᠯᠤᠰ ᠤᠨ | ᠠᠷᠠᠳ ᠲᠦᠮᠡᠨ ᠳᠤ ᠨᠥᠭᠦᠷᠰᠡᠭ ᠬᠠᠶᠢᠷ᠎ᠠ ᠰᠡᠳᠬᠢᠯᠭᠡ ᠲᠠᠢ ᠪᠠᠶᠢᠬᠤ ᠶᠢ ᠭᠦᠨ ᠮᠡᠳᠡᠷᠡᠵᠦ ᠣᠯᠳᠠᠭ᠃ | ᠡᠨᠡ ᠬᠦ ᠨᠥᠬᠦᠷᠯᠡᠯ ᠡᠷᠲᠡᠨ ᠤ ᠪᠣᠯᠪᠠᠰᠤᠨ ᠤ ᠣᠶᠤᠨ ᠤᠬᠠᠭᠠᠨ ᠳᠤ ᠦᠨᠳᠦᠰᠦᠯᠡᠨ᠎ᠡ᠃ ᠳᠤᠮᠳᠠᠳᠤ ᠶᠢᠨ ᠪᠣᠯᠪᠠᠰᠤᠨ | ᠪᠣᠯ ᠳᠡᠯᠡᠬᠡᠢ ᠳᠡᠭᠡᠷᠡᠬᠢ ᠴᠣᠷᠢ ᠶᠢᠨ ᠭᠠᠭᠴᠠ ᠲᠠᠰᠤᠯᠳᠠᠭ᠎ᠠ ᠦᠭᠡᠢ᠂ 5000 ᠭᠠᠷᠤᠢ ᠵᠢᠯ ᠦᠷᠭᠦᠯᠵᠢᠯᠡᠭᠰᠡᠨ ᠪᠣᠯᠪᠠᠰᠤᠨ | ᠮᠥᠨ᠂ ᠺᠠᠯᠠᠷ ᠤᠨ ᠪᠣᠯᠪᠠᠰᠤᠨ ᠢᠶᠠᠷ ᠲᠥᠯᠥᠭᠡᠯᠡᠭᠦᠯᠦᠭᠰᠡᠨ ᠲᠠᠯᠠᠢ ᠲᠠᠩᠭᠢᠰ ᠤᠨ ᠪᠣᠯᠪᠠᠰᠤᠨ ᠪᠠ ᠢᠨᠺᠠ ᠶᠢᠨ | ᠪᠣᠯᠪᠠᠰᠤᠨ ᠢᠶᠠᠷ ᠲᠥᠯᠥᠭᠡᠯᠡᠭᠦᠯᠦᠭᠰᠡᠨ ᠡᠬᠡ ᠬᠠᠭᠤᠷᠠᠢ ᠶᠢᠨ ᠪᠣᠯᠪᠠᠰᠤᠨ ᠨᠢ ᠫᠧᠷᠦ᠋ ᠶᠢᠨ ᠪᠣᠯᠪᠠᠰᠤᠨ ᠤ ᠥᠨᠢ ᠤᠳᠠᠭᠠᠨ | ᠲᠡᠦᠬᠡ ᠪᠠ ᠡᠯᠪᠡᠭ ᠤ ᠠᠶᠠᠯᠢᠭ ᠤᠯᠠᠨ ᠡᠰᠢᠵᠢᠯ ᠢ ᠢᠯᠡᠷᠡᠭᠦᠯᠦᠭᠰᠡᠨ ᠪᠠᠶᠢᠨ᠎ᠠ᠃ ᠳᠤᠮᠳᠠᠳᠤ ᠭᠠᠳᠠᠭᠠᠳᠤ ᠶᠢᠨ ᠬᠠᠭᠤᠴᠢ | ᠰᠤᠳᠤᠯᠤᠯ ᠤᠨ ᠡᠲᠡᠭᠡᠳ ᠤᠨ ᠬᠢᠨ᠂ ᠳᠤᠮᠳᠠᠳᠤ ᠶᠢᠨ ᠪᠣᠯᠪᠠᠰᠤᠨ ᠪᠣᠯᠣᠨ ᠠᠮᠧᠷᠢᠺᠠ ᠲᠢᠪ ᠤᠨ ᠪᠣᠯᠪᠠᠰᠤᠨ ᠪᠣᠯ | ᠦᠨᠡᠨ ᠳᠡᠭᠡᠨ ᠨᠢᠭᠡ ᠡᠪᠦᠭᠡ ᠳᠡᠭᠡᠳᠦᠰ ᠤᠨ ᠬᠤᠶᠢᠴᠢ ᠦᠶ᠎ᠡ ᠶᠢᠨ ᠬᠢᠨ ᠤ ᠠᠳᠠᠯᠢ ᠪᠤᠰᠤ ᠴᠠᠭ ᠦᠶ᠎ᠡ᠂ ᠠᠳᠠᠯᠢ ᠪᠤᠰᠤ | ᠭᠠᠵᠠᠷ ᠣᠷᠣᠨ ᠳᠠᠬᠢ ᠪᠦᠲᠦᠭᠡᠭᠳᠡᠬᠦᠨ ᠮᠥᠨ ᠭᠡᠵᠦ ᠦᠵᠡᠵᠦ ᠪᠠᠶᠢᠨ᠎ᠠ᠃ ᠪᠣᠯᠪᠠᠰᠤᠨ ᠤ ᠣᠶᠤᠨ ᠤᠬᠠᠭᠠᠨ ᠨᠢ ᠪᠢᠳᠡᠨ ᠤ | ᠣᠶᠢᠯᠠᠭᠠᠭᠳᠠᠬᠤᠨ ᠢ ᠣᠶᠢᠷᠠᠲᠤᠭᠤᠯᠵᠤ᠂ ᠰᠡᠳᠬᠢᠯ ᠰᠠᠨᠠᠭ᠎ᠠ ᠶᠢ ᠨᠡᠪᠲᠡᠷᠡᠯᠴᠡᠭᠦᠯᠪᠡ᠃ ᠳᠤᠮᠳᠠᠳᠤᠴᠤᠳ ᠡᠷᠲᠡᠨ ᠠᠴᠠ ᠪᠠᠨ | ᠠᠪᠤᠭᠠᠳ ︽ᠦᠨᠡᠨᠴᠢ ᠰᠢᠳᠤᠷᠭᠤ ᠪᠠᠷ ᠶᠣᠰᠣ ᠵᠢᠷᠤᠮ ᠪᠤᠯᠭᠠᠵᠤ᠂ ᠥᠷᠥᠰᠢᠶᠡᠯ ᠡᠨᠡᠷᠢᠯ ᠢᠶᠠᠷ ᠮᠣᠷᠠᠯ ᠰᠤᠷᠲᠠᠯ ᠪᠤᠯᠭᠠᠬᠤ︾ | ᠶᠢ ᠡᠷᠭᠢᠮᠯᠡᠳᠡᠭ᠂ ᠢᠨᠺᠠᠴᠤᠳ ︽ᠬᠤᠯᠠᠭᠠᠶᠢᠯᠠᠬᠤ ᠦᠭᠡᠢ᠂ ᠬᠤᠳᠠᠯ ᠬᠡᠯᠡᠬᠦ ᠦᠭᠡᠢ᠂ ᠠᠯᠵᠠᠭᠤ ᠵᠠᠯᠬᠠᠭᠤ ᠦᠭᠡᠢ︾ | ᠪᠠᠶᠢᠬᠤ ᠶᠢ ᠰᠠᠨᠠᠭᠠᠴᠢᠯᠠᠳᠠᠭ᠃ ᠫᠧᠷᠦ᠋ ᠶᠢᠨ ᠪᠣᠳᠣᠯᠭᠠᠲᠠᠨ ᠮᠠᠷᠢᠶᠠᠳ᠋ᠵᠢ᠄ ︽ᠤᠶᠤᠨ ᠰᠠᠨᠠᠭ᠎ᠠ ᠪᠠ ᠪᠣᠳᠠᠰ ᠤᠨ ᠲᠠᠯ᠎ᠠ ᠪᠠᠷ | ᠳᠤᠮᠳᠠᠳᠤ ᠤᠯᠤᠰ ᠡᠸᠦ᠋ᠷᠦᠫᠡ ᠲᠢᠪ ᠠᠴᠠ ᠨᠡᠩ ᠢᠯᠡᠭᠦᠦ ᠪᠢᠳᠠᠨ ᠲᠠᠢ ᠣᠶᠢᠷᠠᠯᠴᠠᠭ᠎ᠠ ᠶᠤᠮ᠃ ᠮᠠᠨ ᠤ ᠠᠷᠠᠳ ᠲᠦᠮᠡᠨ ᠤ | ᠰᠡᠳᠬᠢᠴᠡ ᠠᠽᠢᠶ᠎ᠠ ᠶᠢᠨ ᠬᠥᠮᠥᠨ ᠲᠠᠢ ᠨᠠᠩ ᠠᠳᠠᠯᠢ ᠠᠴᠠ ᠪᠢᠰᠢ ᠬᠠᠷᠢᠨ ᠥᠷᠥᠨᠡᠳᠠᠬᠢᠨ ᠤ ᠬᠥᠮᠥᠨ ᠲᠠᠢ ᠠᠳᠠᠯᠢ ᠪᠢᠰᠢ | ᠶᠤᠮ︾ ᠭᠡᠵᠦ ᠬᠡᠯᠡᠵᠦ ᠥᠩᠭᠡᠷᠡᠪᠡ᠃ ᠡᠨᠡ ᠪᠣᠯ ᠳᠤᠮᠳᠠᠳᠤ ᠶᠢᠨ ᠨᠡᠭᠦᠳᠡᠯ ᠠᠷᠠᠳ ᠤᠨ 175 ᠵᠢᠯ ᠤᠨ ᠲᠤᠷᠰᠢᠬᠢ | ᠫᠧᠷᠦ᠋ ᠶᠢᠨ ᠠᠷᠠᠳ ᠲᠦᠮᠡᠨ ᠯᠦᠭᠡ ᠶᠢᠨ ᠴᠢᠰᠤ ᠮᠢᠬᠠᠨ ᠤ ᠤ ᠠᠷᠢᠯᠳᠤᠯᠭᠠ᠂ ᠰᠠᠯᠤᠰᠢ ᠦᠭᠡᠢ ︽ᠪᠣᠯᠪᠠᠰᠤᠨ ᠤ ᠨᠢᠭᠤᠴᠠ | ᠨᠣᠮᠧᠷ︾ ᠪᠣᠯᠣᠨ᠎ᠠ᠃ ᠣᠶᠢᠷ᠎ᠠ ᠳᠤ ᠬᠤᠶᠠᠷ ᠤᠯᠤᠰ ᠤᠨ ᠷᠠᠳᠢᠣ᠋ ᠲᠧᠯᠸᠢᠰ ᠤᠨ ᠰᠠᠯᠠᠭ᠎ᠠ ᠮᠥᠴᠢᠷ ᠫᠧᠷᠦ᠋ ᠳᠤ ︽ᠣᠷᠳᠣ | ᠴᠠᠭᠠᠨ ᠬᠡᠷᠡᠮ ᠠᠴᠠ ᠮᠠᠴᠦ᠋ᠫᠢᠷᠴᠦ᠋ ᠭᠦᠷᠲᠡᠯ᠎ᠡ︾ ᠭᠡᠬᠦ ᠺᠢᠨᠣ᠋ ᠶᠢ ᠠᠩᠬ᠎ᠠ ᠦᠵᠡᠭᠦᠯᠭᠦ ᠶᠣᠰᠣᠯᠠᠯ ᠢ ᠡᠷᠭᠢᠯᠡᠵᠦ᠂ ︽ᠭᠤᠷᠪᠠᠨ | ᠴᠣᠭᠴᠠ︾ ᠵᠡᠷᠭᠡ ᠳᠤᠮᠳᠠᠳᠤ ᠤᠯᠤᠰ ᠤᠨ ᠰᠢᠯᠢᠳᠡᠭ ᠺᠢᠨᠣ᠋ ᠲᠧᠯᠸᠢᠰ ᠤᠨ ᠪᠦᠲᠦᠭᠡᠯ ᠢ ᠳᠡᠯᠭᠡᠨ ᠦᠵᠡᠭᠦᠯᠵᠦ ᠨᠡᠪᠲᠡᠷᠡᠭᠦᠯᠬᠦ | ᠪᠣᠯᠣᠨ᠎ᠠ᠂ ᠡᠨᠡ ᠨᠢ ᠫᠧᠷᠦ᠋ ᠶᠢᠨ ᠨᠠᠶᠢᠵᠠ ᠨᠠᠷ ᠤᠨ ᠳᠤᠮᠳᠠᠳᠤ ᠤᠯᠤᠰ ᠢ ᠨᠠᠩ ᠭᠦᠨᠵᠡᠭᠡᠢ ᠣᠶᠢᠯᠠᠭᠠᠬᠤ ᠳᠤ ᠠᠰᠢᠭᠲᠠᠢ | ᠭᠡᠳᠡᠭ ᠢ ᠢᠲᠡᠭᠡᠵᠦ ᠪᠠᠶᠢᠨ᠎ᠠ᠃ | ᠡᠨᠡ ᠬᠦ ᠨᠥᠬᠦᠷᠯᠡᠯ ᠨᠢ ᠠᠯᠤᠰ ᠬᠤᠯᠠ ᠠᠴᠠ ᠭᠡᠷᠡᠯᠲᠦᠨ ᠰᠠᠴᠤᠷᠠᠭᠰᠠᠨ ᠲᠡᠦᠬᠡ ᠶᠢ ᠤᠯᠠᠮᠵᠢᠯᠠᠨ᠎ᠠ᠃ ᠳᠤᠮᠳᠠᠳᠤ | ᠫᠧᠷᠦ᠋ ᠬᠤᠶᠠᠷ ᠤᠯᠤᠰ ᠤᠨ ᠠᠷᠠᠳ ᠲᠦᠮᠡᠨ ᠨᠦᠭᠦᠭᠡ ᠡᠲᠡᠭᠡᠳ ᠢᠶᠠᠨ ᠣᠯᠵᠤ ᠦᠵᠡᠪᠡᠯ ︽ᠬᠠᠯᠠᠭᠤᠨ ᠳᠣᠲᠣᠨᠣ | ᠰᠠᠨᠠᠭᠳᠠᠵᠤ︾᠂ ᠨᠦᠭᠦᠭᠡ ᠡᠲᠡᠭᠡᠳ ᠤᠨ ᠢᠶᠠᠨ ᠲᠡᠦᠬᠡ ᠶᠢᠨ ᠳᠤᠷᠠᠰᠬᠠᠯᠲᠤ ᠵᠦᠢᠯ ᠢ ᠣᠯᠵᠤ ᠦᠵᠡᠪᠡᠯ ︽ᠦᠵᠡᠵᠦ | ᠥᠩᠭᠡᠷᠡᠭᠰᠡᠨ ᠮᠡᠲᠦ︾ ᠰᠠᠨᠠᠭᠳᠠᠳᠠᠭ ᠭᠡᠵᠦ ᠮᠠᠰᠢ ᠤᠯᠠᠨ ᠬᠥᠮᠥᠨ ᠬᠡᠯᠡᠵᠦ ᠪᠠᠶᠢᠨ᠎ᠠ᠃ ᠵᠢᠱᠢᠶᠡᠯᠡᠪᠡᠯ᠂ ᠫᠧᠷᠦ᠋ ᠠᠴᠠ | ᠮᠠᠯᠲᠠᠵᠤ ᠭᠠᠷᠭᠠᠭᠰᠠᠨ ᠢᠨᠺᠠ ᠬᠥᠮᠥᠨ ᠤ ᠠᠯᠲᠠᠨ ᠤ ᠠᠭ ᠨᠢ ᠳᠤᠮᠳᠠᠳᠤ ᠤᠯᠤᠰ ᠤᠨ ᠰᠠᠨ ᠰᠢᠩ ᠳ᠋ᠦᠢ ᠶᠢᠨ ᠠᠯᠲᠠᠨ ᠤ | ᠠᠭ ᠲᠠᠢ ᠡᠭᠡᠭᠡ ᠠᠳᠠᠯᠢᠬᠠᠨ ᠤ ᠠᠶᠢᠳᠠᠭ᠃ ᠮᠠᠴᠦ᠋ᠫᠢᠷᠴᠦ᠋ ᠶᠢᠨ ᠡᠷᠲᠡᠨ ᠤ ᠬᠤᠲᠠ ᠶᠢᠨ ᠲᠠᠭᠢᠯᠭ᠎ᠠ ᠶᠢᠨ ᠲᠠᠶᠢᠰᠠᠨ ᠳᠡᠭᠡᠷ᠎ᠡ | ᠨᠢᠭᠡ ᠬᠡᠰᠡᠭ ︽ᠨᠠᠷᠠ ᠠᠷᠭᠠᠮᠵᠢᠬᠤ ᠴᠢᠯᠠᠭᠤ︾ ᠤ ᠠᠶᠢᠳᠠᠭ᠂ ᠢᠨᠺᠠ ᠬᠥᠮᠥᠨ ᠨᠡᠷᠡᠨ ᠤ ᠰᠡᠭᠦᠳᠡᠷ ᠤᠨ ᠬᠤᠪᠢᠷᠠᠯᠲᠠ ᠪᠠᠷ | ᠤᠯᠠᠷᠢᠯ ᠢ ᠲᠣᠭᠲᠠᠭᠠᠵᠤ᠂ ᠴᠠᠭ ᠤᠯᠠᠷᠢᠯ ᠤᠨ ᠤ ᠵᠴᠢᠭ ᠢ ᠨᠠᠶᠢᠷᠠᠭᠤᠯᠤᠨ ᠵᠣᠬᠢᠶᠠᠵᠠᠢ᠂ ᠡᠨᠡ ᠨᠢ ᠳᠤᠮᠳᠠᠳᠤ ᠤᠯᠤᠰ ᠤᠨ | ᠡᠷᠲᠡᠨ ᠤ ᠡᠳᠦᠷ ᠤᠨ ᠬᠡᠮᠵᠢᠭᠦᠷ ᠲᠠᠢ ᠠᠷᠭ᠎ᠠ ᠨᠢ ᠣᠨᠳᠣᠣ ᠠᠮᠵᠢᠯᠲᠠ ᠨᠢ ᠠᠳᠠᠯᠢ ᠶᠤᠮ᠃ ᠳᠤᠮᠳᠠᠳᠤ ᠤᠯᠤᠰ ᠤᠨ | ᠡᠷᠲᠡᠨ ᠤ ᠱᠤ᠋ ᠶᠢᠨ ᠡᠪᠦᠭᠡ ᠳᠡᠭᠡᠳᠦᠰ ᠵᠢᠭᠦᠷ ᠢᠶᠠᠨ ᠳᠡᠯᠭᠡᠨ ᠬᠠᠯᠢᠨ ᠳᠡᠭᠦᠯᠢᠭᠰᠡᠨ ᠨᠡᠷᠡᠨ ᠰᠠᠬᠢᠭᠤᠯᠰᠤᠨ ᠰᠢᠪᠠᠭᠤ ᠪᠠᠷ ᠨᠠᠷᠠ | ᠪᠠ ᠨᠡᠷᠡᠨ ᠰᠠᠬᠢᠭᠤᠯᠰᠤᠨ ᠢ ᠰᠢᠲᠦᠵᠦ ᠪᠠᠶᠢᠬᠤ ᠪᠠᠨ ᠢᠯᠡᠳᠬᠡᠭᠰᠡᠨ ᠨᠢ ᠢᠨᠺᠠ ᠶᠢᠨ ᠪᠣᠯᠪᠠᠰᠤᠨ ᠲᠠᠢ ᠡᠭᠡᠭᠡ ᠠᠳᠠᠯᠢ ᠤ | ᠠᠶᠢᠵᠤ᠂ ᠪᠦᠷ ᠭᠡᠭᠡᠨ ᠰᠠᠷᠠᠭᠤᠯ ᠢ ᠬᠦᠰᠡᠨ ᠮᠥᠷᠥᠭᠡᠳᠴᠦ ᠪᠠᠶᠢᠬᠤ ᠶᠢ ᠢᠯᠡᠷᠡᠭᠦᠯᠪᠡ᠃ ᠨᠢᠳᠤᠨᠤᠨ ᠠᠴᠠ ᠨᠠᠭᠠᠰᠢ᠂ ︽ | ᠶᠠᠭᠤ ᠶᠢ ᠪᠣᠯᠪᠠᠰᠤᠨ ᠭᠡᠬᠦ ᠪᠤᠢ︾ ᠭᠡᠬᠦ ᠪᠦᠭᠦ ᠪᠥᠮᠪᠥᠷᠴᠡᠭ ᠤᠨ ᠲᠣᠭᠤᠷᠢᠨ ᠦᠵᠡᠭᠦᠯᠭᠡ ᠫᠧᠷᠦ᠋ ᠳᠤ ᠬᠦᠷᠴᠦ᠂ ︽ | ᠢᠨᠺᠠ ᠶᠢᠨ ᠲᠡᠭᠷᠢ ᠶᠢᠨ ᠵᠠᠮ︾ ᠪᠤᠯᠬᠤ ᠠᠨᠳᠧᠰ ᠤᠨ ᠰᠣᠶᠣᠯ ᠤᠨ ᠦᠵᠡᠭᠦᠯᠭᠡ᠂ ︽ᠢᠨᠺᠠᠴᠤᠳ ᠪᠠ ᠬᠠᠭᠠᠨᠲᠤ | ᠤᠯᠤᠰ ᠤᠨ ᠲᠦᠷᠪᠡᠨ ᠵᠦᠭ ᠤᠨ ᠭᠠᠵᠠᠷ︾ ᠵᠡᠷᠭᠡ ᠦᠵᠡᠭᠦᠯᠭᠡ ᠨᠢ ᠳᠤᠮᠳᠠᠳᠤ ᠤᠯᠤᠰ ᠲᠤ ᠢᠷᠡᠵᠤ᠂ ᠬᠤᠶᠠᠷ ᠤᠯᠤᠰ ᠤᠨ | ᠠᠷᠠᠳ ᠲᠦᠮᠡᠨ ᠤ ᠬᠠᠯᠠᠭᠤᠨ ᠬᠦᠷᠢᠶᠡᠯᠡᠯ ᠢ ᠣᠯᠵᠠᠢ᠃ ᠣᠶᠢᠷ᠎ᠠ ᠳᠤ᠂ ᠬᠤᠶᠠᠷ ᠲᠠᠯ᠎ᠠ ᠪᠠᠷ ᠢᠶᠠᠨ ᠫᠧᠷᠦ᠋ ᠳᠤ ︽ᠨᠡᠷᠡᠨ ᠤ | ᠭᠡᠷᠡᠯ᠄ ᠡᠷᠲᠡᠨ ᠤ ᠱᠤ᠋ ᠤᠯᠤᠰ ᠤᠨ ᠪᠣᠯᠪᠠᠰᠤᠨ ᠬᠢᠭᠡᠳ ᠢᠨᠺᠠ ᠶᠢᠨ ᠪᠣᠯᠪᠠᠰᠤᠨ ᠤ ᠬᠠᠷᠢᠯᠴᠠᠨ ᠲᠣᠯᠢᠯᠠᠬᠤ ᠦᠵᠡᠭᠦᠯᠭᠡ︾ | ᠶᠢ ᠡᠷᠭᠢᠯᠡᠪᠠ᠂ ᠣᠯᠠᠨ ᠤ ᠲᠣᠭᠤᠷᠢᠨ ᠦᠵᠡᠬᠦ ᠪᠠᠷ ᠢᠷᠡᠬᠦ ᠶᠢ ᠤ ᠠᠶᠠᠷᠯᠠᠨ ᠤᠭᠲᠤᠵᠤ ᠪᠠᠶᠢᠨ᠎ᠠ᠂ ᠳᠤᠮᠳᠠᠳᠤ ᠫᠧᠷᠦ᠋ ᠶᠢᠨ | ᠪᠣᠯᠪᠠᠰᠤᠨ ᠰᠣᠯᠪᠢᠴᠠᠨ ᠭᠡᠷᠡᠯᠲᠦᠭᠰᠡᠨ ᠨᠠᠩ ᠣᠯᠠᠨ ᠭᠠᠵᠠᠷ ᠢ ᠡᠷᠢᠵᠦ ᠣᠯᠬᠤ ᠨᠢ ᠯᠠᠪᠲᠠᠢ ᠭᠡᠳᠡᠭ ᠢ ᠢᠲᠡᠭᠡᠵᠦ ᠪᠠᠶᠢᠨ᠎ᠠ᠃ | ᠡᠨᠡ ᠬᠦ ᠨᠥᠬᠦᠷᠯᠡᠯ ᠨᠢ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠲᠡᠭᠦ ᠬᠠᠮᠲᠤᠷᠠᠯᠴᠠᠭ᠎ᠠ ᠪᠠᠷ ᠭᠦᠨᠵᠡᠭᠡᠶᠢᠷᠡᠪᠡ | ᠃ ᠫᠧᠷᠦ᠋ ᠪᠣᠯ ᠬᠠᠮᠤᠭ ᠤᠨ ᠡᠷᠲᠡ ᠰᠢᠨ᠎ᠡ ᠳᠤᠮᠳᠠᠳᠤ ᠤᠯᠤᠰ ᠲᠠᠢ ᠬᠠᠷᠢᠯᠴᠠᠭ᠎ᠠ ᠤ ᠠᠶᠢᠭᠤᠯᠤᠭᠰᠠᠨ ᠯᠠᠲ᠋ᠢᠨ ᠠᠮᠧᠷᠢᠺᠠ ᠶᠢᠨ | ᠤᠯᠤᠰ ᠤᠨ ᠨᠢᠭᠡ ᠪᠣᠯᠣᠨ᠎ᠠ᠃ ᠬᠠᠭᠠᠰ ᠢᠯᠡᠭᠦᠦ ᠵᠠᠭᠤᠨ ᠤ ᠲᠤᠷᠰᠢ᠂ ᠳᠤᠮᠳᠠᠳᠤ ᠫᠧᠷᠦ᠋ ᠶᠢᠨ ᠬᠠᠷᠢᠯᠴᠠᠭ᠎ᠠ ᠢᠮᠠᠭᠲᠠ | ᠯᠠᠪᠳᠠᠭᠤᠨ ᠢᠶᠠᠷ ᠤᠷᠤᠭᠰᠢᠯᠠᠵᠤ᠂ ᠢᠯᠠᠩᠭᠤᠶ᠎ᠠ 2013 ᠣᠨ ᠳᠤ ᠪᠦᠭᠦ ᠲᠠᠯ᠎ᠠ ᠶᠢᠨ ᠤ ᠠᠶᠢᠯᠳᠤᠬᠤ ᠪᠣᠳᠣᠯᠭ᠎ᠠ ᠶᠢᠨ | ᠬᠠᠨᠢᠲᠠᠨ ᠤ ᠬᠠᠷᠢᠯᠴᠠᠭ᠎ᠠ ᠤ ᠠᠶᠢᠭᠤᠯᠤᠭᠰᠠᠨ ᠠᠴᠠ ᠨᠠᠭᠠᠰᠢ᠂ ᠬᠤᠶᠠᠷ ᠲᠠᠯ᠎ᠠ ᠶᠢᠨ ᠬᠠᠷᠢᠯᠴᠠᠭ᠎ᠠ ᠲᠠᠰᠤᠷᠠᠯᠳᠡ ᠦᠭᠡᠢ | ᠭᠦᠨᠵᠡᠭᠡᠶᠢᠷᠡᠵᠦ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠤ ᠠᠶᠠᠯᠢᠭ ᠦᠷ᠎ᠡ ᠪᠦᠲᠦᠭᠡᠯ ᠣᠯᠵᠤ᠂ ᠬᠤᠶᠠᠷ ᠤᠯᠤᠰ ᠤᠨ | ᠠᠷᠠᠳ ᠲᠦᠮᠡᠨ ᠳᠤ ᠠᠰᠢᠭ ᠬᠦᠷᠲᠡᠭᠡᠪᠡ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠤ ᠠᠶᠢᠳᠠᠯ ᠤᠨ | ᠬᠤᠭᠤᠴᠠᠭᠠᠨ ᠳᠤ᠂ ᠳᠤᠮᠳᠠᠳᠤ ᠤᠯᠤᠰ ᠫᠧᠷᠦ᠋ ᠳᠤ ᠡᠮᠴᠢᠯᠡᠭᠡᠨ ᠤ ᠲᠤᠰᠬᠠᠢ ᠮᠡᠷᠭᠡᠵᠢᠯᠲᠡᠨ ᠤ ᠳᠤᠭᠤᠶᠢᠯᠠᠩ ᠲᠣᠮᠢᠯᠠᠵᠤ᠂ | ᠴᠢᠳᠠᠯ ᠤᠨ ᠢᠶᠠᠨ ᠬᠢᠷᠢ ᠪᠠᠷ ᠫᠧᠷᠦ᠋ ᠳᠤ ᠸᠠᠺᠼᠢᠨ ᠪᠣᠯᠣᠨ ᠬᠢᠵᠢᠭ ᠲᠠᠢ ᠲᠡᠮᠡᠴᠡᠬᠦ ᠡᠳ᠋ ᠪᠣᠳᠠᠰ ᠬᠠᠩᠭᠠᠵᠤ᠂ | ᠵᠠᠩᠭᠢᠯᠠᠭ᠎ᠠ ᠶᠢᠨ ᠦᠶ᠎ᠡ ᠳᠤ ᠳᠤᠮᠳᠠᠳᠤ ᠤᠯᠤᠰ ᠪᠣᠯ ᠫᠧᠷᠦ᠋ ᠶᠢᠨ ᠨᠠᠶᠢᠳᠠᠪᠤᠷᠢᠲᠠᠢ ᠨᠠᠶᠢᠵᠠ ᠪᠤᠯᠬᠤ ᠶᠢ ᠪᠣᠳᠠᠲᠤ | ᠠᠵᠢᠯᠯᠠᠭ᠎ᠠ ᠪᠠᠷ ᠢᠶᠠᠨ ᠭᠡᠷᠡᠴᠢᠯᠡᠪᠡ᠃ ᠫᠧᠷᠦ᠋ ᠪᠣᠯ ᠳᠤᠮᠳᠠᠳᠤ ᠤᠯᠤᠰ ᠯᠤᠭ᠎ᠠ ᠴᠢᠯᠦᠭᠡᠲᠦ ᠠᠷᠠᠯᠵᠢᠶᠠᠨ ᠤ ᠬᠠᠮ | ᠵᠥᠪᠯᠡᠯᠴᠡᠭᠡᠷ ᠲᠣᠬᠢᠷᠠᠯᠴᠠᠭᠰᠠᠨ ᠯᠠᠲ᠋ᠢᠨ ᠠᠮᠧᠷᠢᠺᠠ ᠶᠢᠨ ᠠᠩᠬᠠᠳᠠᠭᠴᠢ ᠤᠯᠤᠰ ᠪᠣᠯᠣᠨ᠎ᠠ᠂ ᠬᠠᠮᠤᠭ ᠤᠨ ᠡᠷᠲᠡ ︽ᠨᠢᠭᠡ | ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠳᠤ ᠣᠷᠣᠯᠴᠠᠬᠰᠠᠨ ᠯᠠᠲ᠋ᠢᠨ ᠠᠮᠧᠷᠢᠺᠠ ᠶᠢᠨ | ᠤᠯᠤᠰ ᠤᠨ ᠨᠢᠭᠡ ᠪᠣᠯᠣᠨ᠎ᠠ᠃ ᠳᠤᠮᠳᠠᠳᠤ ᠤᠯᠤᠰ ᠨᠢᠭᠡᠨᠲᠡ 10 ᠵᠢᠯ ᠳᠠᠷᠠᠭᠠᠯᠠᠨ ᠫᠧᠷᠦ᠋ ᠶᠢᠨ ᠬᠠᠮᠤᠭ ᠤᠨ ᠶᠡᠭᠡ | ᠠᠷᠠᠯᠵᠢᠶᠠᠨ ᠤ ᠬᠠᠨᠢᠲᠠᠨ ᠪᠠ ᠬᠠᠮᠤᠭ ᠤᠨ ᠶᠡᠭᠡ ᠭᠠᠳᠠᠭᠠᠳᠤ ᠭᠠᠷᠭᠠᠯᠲᠠ ᠶᠢᠨ ᠵᠠᠬ᠎ᠠ ᠳᠡᠯᠭᠡᠭᠦᠷ ᠪᠣᠯᠵᠤ᠂ ᠨᠢᠳᠤᠨᠤᠨ | ᠫᠧᠷᠦ᠋ ᠶᠢᠨ ᠳᠤᠮᠳᠠᠳᠤ ᠤᠯᠤᠰ ᠲᠠᠬᠢ ᠭᠠᠳᠠᠭᠠᠳᠤ ᠭᠠᠷᠭᠠᠯᠲᠠ ᠶᠢᠨ ᠬᠡᠮᠵᠢᠶ᠎ᠡ ᠨᠢ ᠫᠧᠷᠦ᠋ ᠶᠢᠨ ᠭᠠᠳᠠᠭᠠᠳᠤ ᠭᠠᠷᠭᠠᠯᠲᠠ ᠶᠢᠨ | ᠶᠡᠷᠦᠩᠬᠡᠢ ᠬᠡᠮᠵᠢᠶᠡᠨ ᠤ 36% ᠶᠢ ᠡᠵᠡᠯᠡᠪᠡ᠃ ᠳᠤᠮᠳᠠᠳᠤ ᠶᠢᠨ ᠪᠡᠯᠡᠲᠦ ᠠᠵᠤ ᠠᠬᠤᠶᠢᠯᠠᠯ ᠫᠧᠷᠦ᠋ ᠳᠤ ᠤ ᠠᠷᠤᠭ 300 | ᠳ᠋ᠦᠩᠰᠢᠭᠤᠷ ᠳ᠋ᠣᠯᠯᠠᠷ ᠤᠨ ᠤ ᠡᠯ᠎ᠡ ᠣᠷᠣᠭᠤᠯᠵᠠᠢ᠃ ᠳᠤᠮᠳᠠᠳᠤ ᠶᠢᠨ ᠪᠡᠯᠡᠲᠦ ᠠᠵᠤ ᠠᠬᠤᠶᠢᠯᠠᠯ ᠤᠨ ᠤ ᠡᠯ᠎ᠡ | ᠣᠷᠣᠭᠤᠯᠤᠭᠰᠠᠨ ᠯᠠᠰ ᠪᠠᠮᠪᠠᠰ ᠤᠨ ᠵᠡᠰ ᠤᠨ ᠠᠭᠤᠷᠬᠠᠢ ᠶᠢᠨ ᠲᠥᠷᠥᠯ ᠵᠦᠢᠯ ᠤᠨ ᠦᠢᠯᠡᠳᠬᠦᠨ ᠤ ᠥᠷᠲᠡᠭ ᠨᠢ | ᠫᠧᠷᠦ᠋ ᠶᠢᠨ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ 1% ᠶᠢ ᠡᠵᠡᠯᠡᠵᠦ᠂ ᠲᠦᠮᠡ | ᠭᠠᠷᠤᠢ ᠠᠵᠢᠯ ᠤᠨ ᠤ ᠠᠶᠢᠷᠢ ᠶᠢ ᠡᠭᠦᠳᠴᠡᠢ᠃ ᠳᠤᠮᠳᠠᠳᠤ ᠶᠢᠨ ᠪᠡᠯᠡᠳᠦ ᠠᠵᠤ ᠠᠬᠤᠶᠢᠯᠠᠯ ᠤᠨ ᠳᠠᠭᠠᠭᠠᠴᠢᠯᠠᠨ ᠤ | ᠠᠶᠢᠭᠤᠯᠤᠭᠰᠠᠨ ᠲᠦᠮᠪᠧᠰ ᠶᠡᠭᠡ ᠲᠣᠭᠤᠷᠢᠭ ᠤᠨ ᠺᠠᠯᠢᠳᠤ᠋ ᠡᠮᠨᠡᠯᠭᠡ ᠶᠢᠨ ᠬᠤᠷᠢᠶ᠎ᠠ 10 ᠲᠦᠮᠡ ᠭᠠᠷᠤᠢ ᠰᠠᠭᠤᠭᠠᠯᠢ | ᠠᠷᠠᠳ ᠲᠤ ᠠᠰᠢᠭ ᠬᠦᠷᠲᠡᠭᠡᠵᠦ᠂ ᠯᠢᠮᠠ ᠶᠢᠨ ᠭᠤᠷᠪᠠᠨ ᠶᠡᠭᠡ ᠲᠣᠭᠤᠷᠢᠭ ᠤᠨ ᠤᠰᠤᠨ ᠤ ᠶᠠᠪᠤᠳᠠᠯ ᠤᠨ ᠲᠦᠷᠦᠯ ᠵᠦᠢᠯ ᠢ | ᠪᠦᠲᠦᠭᠡᠨ ᠤ ᠠᠶᠢᠭᠤᠯᠵᠤ ᠳᠠᠭᠤᠰᠤᠭᠰᠠᠨ ᠤ ᠲᠠᠷᠠᠭ᠎ᠠ 40 ᠭᠠᠷᠤᠢ ᠲᠦᠮᠡᠨ ᠫᠧᠷᠦ᠋ ᠶᠢᠨ ᠠᠷᠠᠳ ᠲᠦᠮᠡᠨ ᠤ ᠡᠷᠡᠭᠦᠯ | ᠬᠠᠮᠠᠭᠠᠯᠠᠯ ᠳᠤ ᠬᠡᠷᠡᠭᠯᠡᠬᠦ ᠤᠰᠤᠨ ᠤ ᠠᠰᠠᠭᠤᠳᠠᠯ ᠢ ᠰᠢᠢᠳᠪᠦᠷᠢᠯᠡᠬᠦ ᠪᠣᠯᠣᠨ᠎ᠠ᠃ | ᠳᠤᠮᠳᠠᠳᠤ ᠤᠯᠤᠰ ᠤᠨ ᠡᠷᠲᠡᠨ ᠤ ᠦᠭᠡᠨ ᠳᠤ᠄ ︽ᠲᠦᠷᠦ ᠶᠢ ᠵᠠᠰᠠᠬᠤᠢ ᠳᠤᠷ ᠲᠣᠭᠲᠠᠭᠰᠠᠨ ᠪᠣᠳᠣᠯᠭ᠎ᠠ ᠠᠮᠣᠢ᠂ | ᠠᠷᠠᠳ ᠲᠤᠷ ᠠᠰᠢᠭ ᠣᠯᠭᠤᠬᠤ ᠠᠨᠤ ᠦᠨᠳᠦᠰᠦ ᠪᠤᠯᠠᠢ︾ ᠭᠡᠳᠡᠭ᠃ ᠫᠧᠷᠦ᠋ ᠶᠢᠨ ᠵᠦᠢᠷ ᠦᠭᠡᠨ ᠳᠤ᠄ ︽ᠠᠷᠠᠳ | ᠲᠦᠮᠡᠨ ᠤ ᠲᠠᠭᠤᠨ ᠪᠣᠯ ᠳᠠᠷᠤᠢ ᠳᠡᠭᠡᠳᠦ ᠲᠡᠭᠷᠢ ᠶᠢᠨ ᠲᠠᠭᠤᠨ ᠮᠥᠨ︾ ᠬᠡᠮᠡᠭᠰᠡᠨ ᠤ ᠠᠶᠢᠳᠠᠭ᠃ ᠠᠷᠠᠳ ᠲᠦᠮᠡᠨ ᠢ ᠨᠡᠩ | ᠰᠠᠶᠢᠨ ᠰᠠᠶᠢᠬᠠᠨ ᠠᠮᠢᠳᠤᠷᠠᠭᠤᠯᠬᠤ ᠪᠣᠯ ᠮᠠᠨ ᠤ ᠬᠤᠶᠠᠷ ᠤᠯᠤᠰ ᠤᠨ ᠬᠠᠮᠲᠤ ᠶᠢᠨ ᠬᠥᠭᠡᠭᠡᠴᠡᠯᠳᠦᠯ ᠮᠥᠨ᠃ ᠪᠢᠳᠡ | ᠳᠤᠮᠳᠠᠳᠤ ᠫᠧᠷᠦ᠋ ᠶᠢᠨ ᠤᠯᠠᠮᠵᠢᠯᠠᠯᠲᠤ ᠨᠥᠬᠦᠷᠯᠡᠯ ᠢ ᠤ ᠠᠳᠠᠷᠠᠭᠤᠯᠵᠤ᠂ ᠡᠯ᠎ᠡ ᠬᠦᠷᠢᠶᠡᠨ ᠤ ᠬᠠᠷᠢᠯᠴᠠᠨ ᠠᠰᠢᠭᠲᠠᠢ | ᠬᠠᠮᠲᠤᠷᠠᠯᠴᠠᠭ᠎ᠠ ᠶᠢ ᠥᠷᠭᠡᠳᠬᠡᠨ ᠭᠦᠨᠵᠡᠭᠡᠶᠢᠷᠡᠭᠦᠯᠵᠦ᠂ ᠲᠡᠭᠦᠨ ᠳᠤ ᠰᠢᠨ᠎ᠡ ᠴᠠᠭ ᠦᠶ᠎ᠡ ᠶᠢᠨ ᠠᠭᠤᠯᠤᠭᠳᠠᠬᠤᠨ ᠨᠡᠮᠡᠷᠢᠯᠡᠶ᠎ᠡ | ᠃ ᠡᠨᠡ ᠵᠢᠯ ᠤᠨ 7 ᠰᠠᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠮᠵᠢᠯᠲᠠ ᠲᠠᠢ ᠬᠤᠷᠠᠯᠳᠤᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ | ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ | ᠰᠢᠰᠲ᠋ᠧᠮ ᠲᠠᠢ ᠤ ᠠᠶᠢᠷᠢᠯᠠᠭᠤᠯᠤᠯᠲᠠ ᠬᠢᠵᠡᠢ᠂ ᠡᠨᠡ ᠨᠢ ᠫᠧᠷᠦ᠋ ᠶᠢ ᠤ ᠠᠭᠲᠠᠭᠠᠭᠰᠠᠨ ᠳᠡᠯᠡᠬᠡᠢ ᠶᠢᠨ ᠡᠯ᠎ᠡ ᠤᠯᠤᠰ ᠲᠤ ᠰᠢᠨ᠎ᠡ | ᠠᠵᠠ ᠲᠣᠭᠢᠶᠠᠯ ᠬᠠᠩᠭᠠᠵᠤ᠂ ᠳᠤᠮᠳᠠᠳᠤ ᠫᠧᠷᠦ᠋ ᠶᠢᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠳᠤ ᠰᠢᠨ᠎ᠡ ᠰᠠᠷᠠᠭᠤᠯ | ᠢᠷᠡᠭᠡᠳᠦᠢ ᠶᠢ ᠨᠡᠭᠡᠭᠡᠵᠦ ᠥᠭᠴᠡᠢ᠃ | ᠡᠨᠡ ᠤᠳᠠᠭ᠎ᠠ ᠶᠢᠨ ᠠᠶᠢᠯᠴᠢᠯᠠᠯᠲᠠ ᠶᠢᠨ ᠬᠤᠭᠤᠴᠠᠭᠠᠨ ᠳᠤ᠂ ᠤ ᠢ ᠶᠡᠷᠦᠩᠬᠡᠶᠢᠯᠡᠭᠴᠢ ᠪᠦᠷᠦ᠊ ᠆ ᠠᠷᠲ᠋ᠧ ᠲᠠᠢ | ᠬᠠᠮᠲᠤ ᠸᠢᠳᠢᠤ᠋ ᠶᠢᠨ ᠭᠡᠯᠪᠡᠷᠢ ᠪᠠᠷ ᠴᠢᠶᠠᠨᠺᠠᠢ ᠭᠠᠷᠠᠮ ᠤᠨ ᠭᠠᠷᠠᠮ ᠨᠡᠭᠡᠭᠡᠬᠦ ᠶᠣᠰᠣᠯᠠᠯ ᠳᠤ ᠣᠷᠣᠯᠴᠠᠨ᠎ᠠ᠃ ᠴᠢᠶᠠᠨᠺᠠᠢ ᠭᠠᠷᠠᠮ | ᠪᠣᠯ ᠳᠤᠮᠳᠠᠳᠤ ᠫᠧᠷᠦ᠋ ᠶᠢᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠴᠢᠬᠤᠯᠠ ᠲᠦᠷᠦᠯ | ᠵᠦᠢᠯ ᠪᠤᠯᠬᠤ ᠪᠥᠭᠡᠳ ᠡᠮᠦᠨᠡᠲᠦ ᠠᠮᠧᠷᠢᠺᠠ ᠶᠢᠨ ᠠᠩᠬᠠᠳᠠᠭᠴᠢ ᠣᠶᠤᠨᠲᠤ ᠭᠠᠷᠠᠮ ᠪᠣᠯᠣᠨ᠎ᠠ᠃ ᠴᠢᠶᠠᠨᠺᠠᠢ ᠭᠠᠷᠠᠮ ᠤᠨ | ᠨᠢᠭᠡᠳᠦᠭᠡᠷ ᠬᠤᠭᠤᠴᠠᠭᠠᠨ ᠤ ᠢᠨᠵᠧᠨᠧᠷᠢᠩ ᠨᠢ ᠫᠧᠷᠦ᠋ ᠠᠴᠠ ᠳᠤᠮᠳᠠᠳᠤ ᠤᠯᠤᠰ ᠲᠤ ᠬᠦᠷᠬᠦ ᠳᠠᠯᠠᠢ ᠶᠢᠨ ᠲᠡᠭᠡᠭᠡᠪᠦᠷᠢ ᠶᠢᠨ | ᠴᠠᠭ ᠢ 23 ᠡᠳᠦᠷ ᠪᠣᠯᠭᠠᠨ ᠪᠣᠭᠤᠨᠢᠰᠬᠠᠵᠤ᠂ 20% ᠠᠴᠠ ᠳᠡᠭᠡᠭᠰᠢᠬᠢ ᠤ ᠠᠷᠠᠭᠠᠨ ᠤ ᠭᠦᠢᠯᠭᠡᠭᠡ ᠶᠢᠨ ᠥᠪᠡᠷ ᠤᠨ | ᠦᠷᠳᠡᠭ ᠢ ᠠᠷᠪᠢᠯᠠᠵᠤ᠂ ᠵᠢᠯ ᠪᠦᠷᠢ ᠫᠧᠷᠦ᠋ ᠳᠤ 45 ᠳ᠋ᠦᠩᠰᠢᠭᠤᠷ ᠳ᠋ᠣᠯᠯᠠᠷ ᠤᠨ ᠣᠷᠣᠯᠭ᠎ᠠ ᠣᠯᠭᠤᠵᠤ᠂ 8000 ᠭᠠᠷᠤᠢ | ᠰᠢᠭᠤᠳ ᠠᠵᠢᠯ ᠣᠯᠭᠤᠬᠤ ᠠᠵᠢᠯ ᠤᠨ ᠤ ᠠᠶᠢᠷᠢ ᠶᠢ ᠡᠭᠦᠳᠬᠦ ᠪᠣᠯᠣᠨ᠎ᠠ᠃ ᠴᠢᠶᠠᠨᠺᠠᠢ ᠭᠠᠷᠠᠮ ᠤᠨ ᠤ ᠠᠶᠢᠭᠤᠯᠤᠭᠳᠠᠬᠤ ᠨᠢ | ᠫᠧᠷᠦ᠋ ᠶᠢᠨ ᠲᠠᠯᠠᠢ ᠳᠠᠭᠠᠤ ᠣᠷᠣᠨ ᠠᠴᠠ ᠳᠣᠲᠣᠭᠠᠳᠤ ᠬᠠᠭᠤᠷᠠᠢ ᠬᠦᠷᠬᠦ᠂ ᠫᠧᠷᠦ᠋ ᠠᠴᠠ ᠯᠠᠲ᠋ᠢᠨ ᠠᠮᠧᠷᠢᠺᠠ ᠪᠠ ᠺᠠᠷᠢᠪᠧ | ᠣᠷᠣᠨ ᠤ ᠪᠤᠰᠤᠳ ᠤᠯᠤᠰ ᠬᠦᠷᠬᠦ ᠪᠣᠰᠤᠭ᠎ᠠ ᠴᠣᠭᠴᠠᠲᠤ᠂ ᠤᠯᠠᠨ ᠡᠰᠢᠵᠢᠭᠰᠡᠨ᠂ ᠥᠨᠳᠥᠷ ᠪᠦᠲᠦᠮᠵᠢᠲᠡᠢ ᠬᠤᠯᠪᠣᠯᠳᠤᠨ | ᠨᠡᠪᠲᠡᠷᠡᠯᠴᠡᠬᠦ ᠤ ᠠᠶᠢᠷᠢᠰᠢᠯ ᠢ ᠤ ᠠᠶᠢᠭᠤᠯᠵᠤ᠂ ᠴᠢᠶᠠᠨᠺᠠᠢ ᠭᠠᠷᠠᠮ ᠢᠶᠠᠷ ᠭᠠᠷᠤᠭ᠎ᠠ ᠪᠤᠯᠭᠠᠬᠰᠠᠨ ︽ᠰᠢᠨ᠎ᠡ ᠴᠠᠭ ᠦᠶ᠎ᠡ ᠶᠢᠨ | ᠢᠨᠺᠠ ᠶᠢᠨ ᠡᠷᠲᠡᠨ ᠤ ᠵᠠᠮ︾ ᠢ ᠴᠣᠭᠴᠠᠯᠠᠵᠤ᠂ ᠯᠠᠲ᠋ᠢᠨ ᠠᠮᠧᠷᠢᠺᠠ ᠪᠠ ᠺᠠᠷᠢᠪᠧ ᠣᠷᠣᠨ ᠤ ᠪᠦᠬᠦᠯᠢ ᠴᠣᠭᠴᠠ ᠶᠢᠨ | ᠬᠥᠭᠵᠢᠯᠲᠡ ᠪᠠ ᠨᠢᠭᠡ ᠴᠣᠭᠴᠠᠵᠢᠭᠰᠠᠨ ᠪᠦᠲᠦᠭᠡᠨ ᠪᠠᠶᠢᠭᠤᠯᠤᠯᠲᠠ ᠶᠢ ᠳᠠᠶᠢᠴᠢᠯᠠᠬᠤ ᠳᠤ ᠠᠰᠢᠭᠲᠠᠢ ᠶᠤᠮ᠃ ᠭᠠᠷᠠᠮ ᠤᠨ | ᠲᠥᠷᠥᠯ ᠵᠦᠢᠯ ᠤᠨ ᠬᠡᠯᠲᠡᠰ ᠤ ᠠᠰᠠ ᠠᠮᠢᠲᠠᠨ ᠢ ᠠᠪᠤᠷᠠᠨ ᠲᠤᠰᠠᠯᠠᠬᠤ ᠥᠷᠲᠡᠭᠡ ᠤ ᠠᠶᠢᠭᠤᠯᠵᠤ᠂ ᠶᠠᠪᠠᠭᠠᠨ ᠭᠠᠯᠠᠭᠤ᠂ | ᠲᠡᠯᠡᠶ ᠶᠢᠨ ᠬᠠᠪ᠂ ᠰᠢᠪᠠᠭᠤᠨ ᠤ ᠲᠥᠷᠥᠯ ᠢ ᠠᠪᠤᠷᠠᠨ ᠲᠤᠰᠠᠯᠠᠬᠤ ᠨᠡᠶᠢᠭᠡᠮ ᠤᠨ ᠬᠠᠷᠢᠭᠤᠴᠠᠯᠭ᠎ᠠ ᠶᠢ | ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠨᠤᠭᠤ ᠭᠠᠵᠠᠷ᠂ ᠲᠡᠯᠡᠶ ᠶᠢᠨ ᠲᠠᠩ᠂ ᠠᠮᠢᠳᠤ ᠪᠣᠳᠠᠰ ᠤᠨ ᠣᠷᠣᠰᠢᠨ | ᠠᠮᠢᠳᠤᠷᠠᠬᠤ ᠭᠠᠵᠠᠷ ᠤᠨ ᠣᠷᠴᠢᠨ ᠲᠣᠭᠤᠷᠢᠨ ᠤ ᠤ ᠠᠶᠢᠳᠠᠯ ᠢ ᠰᠠᠶᠢᠵᠢᠷᠠᠭᠤᠯᠪᠠ᠃ ᠪᠢᠳᠠ ᠬᠠᠮᠲᠤ ᠪᠠᠷ ᠴᠢᠶᠠᠨᠺᠠᠢ ᠭᠠᠷᠠᠮ ᠢ | ᠰᠠᠶᠢᠲᠤᠷ ᠪᠦᠲᠦᠭᠡᠨ ᠤ ᠠᠶᠢᠭᠤᠯᠵᠤ᠂ ᠰᠠᠶᠢᠲᠤᠷ ᠡᠵᠡᠩᠨᠡᠵᠦ᠂ ︽ᠴᠢᠶᠠᠨᠺᠠᠢ ᠠᠴᠠ ᠱᠠᠩᠬᠠᠢ ᠳᠤ ᠬᠦᠷᠬᠦ︾ ᠶᠢ ᠦᠨᠡᠨ ᠬᠦ | ᠳᠤᠮᠳᠠᠳᠤ ᠫᠧᠷᠦ᠋ ᠪᠠ ᠳᠤᠮᠳᠠᠳᠤ ᠯᠠᠲ᠋ᠢᠨ ᠠᠮᠧᠷᠢᠺᠠ ᠶᠢᠨ ᠬᠠᠮᠲᠤ ᠶᠢᠨ ᠬᠥᠭᠵᠢᠯᠲᠡ ᠶᠢ ᠠᠬᠢᠭᠤᠯᠬᠤ ᠬᠥᠭᠵᠢᠯ | ᠴᠡᠴᠡᠭᠯᠡᠯ ᠤᠨ ᠵᠠᠮ ᠪᠣᠯᠭᠠᠶ᠎ᠠ᠃ ᠳᠤᠮᠳᠠᠳᠤ ᠶᠢᠨ ᠬᠢᠨ ᠤ ᠠᠰᠠ ᠳᠤᠷᠠᠲᠠᠶ᠎ᠠ ᠫᠧᠷᠦ᠋ ᠳᠤ ︽ᠪᠠᠭ᠎ᠠ ᠮᠥᠷᠲᠡᠭᠡᠨ ᠰᠠᠶᠢᠬᠠᠨ︾ | ᠠᠷᠠᠳ ᠤᠨ ᠠᠮᠢᠳᠤᠷᠠᠯ ᠤᠨ ᠬᠠᠮᠲᠤᠷᠠᠯᠴᠠᠭᠠᠨ ᠤ ᠲᠦᠷᠦᠯ ᠵᠦᠢᠯ ᠢ ᠦᠷᠭᠦᠯᠵᠢᠯᠡᠨ ᠬᠡᠷᠡᠭᠵᠢᠭᠦᠯᠵᠦ᠂ ᠯᠦ ᠪᠠᠨ | ᠦᠢᠯᠡᠳᠬᠡᠯ ᠤᠨ ᠭᠠᠵᠠᠷ᠂ ᠬᠢᠲᠠᠳ ᠭᠡᠯᠡ ᠵᠢᠭᠠᠬᠤ ᠦᠢᠯᠡᠳᠬᠡᠯ ᠤᠨ ᠭᠠᠵᠠᠷ ᠢ ᠪᠠᠶᠢᠭᠤᠯᠬᠤ ᠶᠢ ᠠᠬᠢᠭᠤᠯᠵᠤ᠂ ᠬᠤᠶᠠᠷ | ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠳᠤᠮᠳᠠᠳᠤ ᠶᠢᠨ ᠪᠡᠯᠡᠳᠦ | ᠠᠵᠤ ᠠᠬᠤᠶᠢᠯᠠᠯ ᠤᠨ ᠲᠤᠬᠠᠢ ᠶᠢᠨ ᠭᠠᠵᠠᠷ ᠲᠤ ᠨᠡᠩ ᠤᠯᠠᠨ ᠠᠵᠢᠯ ᠤᠨ ᠤ ᠠᠶᠢᠷᠢ ᠡᠭᠦᠳᠴᠦ᠂ ᠨᠡᠶᠢᠭᠡᠮ ᠤᠨ | ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠬᠦ ᠶᠢ ᠵᠣᠷᠢᠭᠵᠢᠭᠤᠯᠵᠤ᠂ ︽ᠨᠤᠲᠤᠭ ᠤᠨ ᠠᠬ᠎ᠠ ᠳᠡᠭᠦᠦ ᠨᠠᠷ︾ ᠤᠨ | ᠨᠥᠬᠦᠷᠯᠡᠯ ᠢ ᠨᠡᠩ ᠦᠨᠡᠨ ᠪᠣᠳᠠᠲᠠᠢ ᠰᠡᠳᠬᠢᠯ ᠳᠤ ᠰᠠᠭᠤᠭᠳᠠᠮ᠎ᠠ ᠪᠣᠯᠭᠠᠨ᠎ᠠ᠃ | ᠪᠢᠳᠡ ᠪᠣᠯᠪᠠᠰᠤᠨ ᠢ ᠬᠠᠷᠢᠯᠴᠠᠨ ᠲᠣᠯᠢᠳᠠᠬᠤ ᠴᠠᠭ ᠦᠶ᠎ᠡ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠰᠣᠶᠣᠯ ᠤᠷᠠᠯᠢᠭ | ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠤ ᠰᠤᠳᠤᠯᠭᠠᠨ᠂ ᠵᠢᠭᠤᠯᠴᠢᠯᠠᠯ᠂ ᠵᠠᠯᠠᠭᠤᠴᠤᠳ᠂ ᠰᠣᠶᠣᠯ ᠤᠨ ᠥᠪ ᠤᠨ | ᠬᠠᠮᠠᠭᠠᠯᠠᠯᠲᠠ᠂ ᠬᠠᠭᠤᠴᠢ ᠰᠤᠳᠤᠯᠤᠯ ᠵᠡᠷᠭᠡ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠨᠡᠩ | ᠤᠯᠠᠨ ᠠᠷᠭ᠎ᠠ ᠬᠡᠮᠵᠢᠶ᠎ᠡ ᠠᠪᠴᠤ ᠤ ᠠᠶᠢᠭᠠᠳ ᠬᠤᠶᠠᠷ ᠤᠯᠤᠰ ᠤᠨ ᠬᠥᠮᠥᠰ ᠤᠨ ᠶᠠᠪᠤᠯᠴᠠᠭ᠎ᠠ ᠳᠤ ᠲᠦᠭᠦᠮ ᠦᠵᠡᠭᠦᠯᠵᠦ᠂ | ᠬᠤᠶᠠᠷ ᠲᠠᠯ᠎ᠠ ᠶᠢᠨ ᠬᠠᠷᠢᠯᠴᠠᠭᠠᠨ ᠤ ᠬᠥᠭᠵᠢᠯᠲᠡ ᠶᠢᠨ ᠨᠡᠶᠢᠭᠡᠮ ᠤᠨ ᠠᠷᠠᠳ ᠤᠨ ᠰᠠᠨᠠᠭᠠᠨ ᠤ ᠰᠠᠭᠤᠷᠢ ᠶᠢ ᠤᠯᠠᠮ ᠨᠢᠭᠡ | ᠠᠯᠬᠤᠮ ᠤ ᠡᠬᠢᠵᠢᠭᠦᠯᠦᠶᠡ᠃ ᠬᠤᠶᠠᠷ ᠤᠯᠤᠰ ᠤᠨ ᠡᠷᠲᠡᠨ ᠤ ᠪᠣᠯᠪᠠᠰᠤᠨ ᠤᠯᠤᠰ ᠤᠨ ᠶᠠᠷᠢᠶᠠᠨ ᠤ ᠲᠠᠪᠴᠠᠩ ᠤᠨ | ᠲᠣᠭᠲᠠᠴᠠ ᠳᠠᠬᠢ ᠬᠠᠮᠲᠤᠷᠠᠯᠴᠠᠭ᠎ᠠ ᠪᠠᠨ ᠨᠢᠭᠲᠠᠷᠠᠭᠤᠯᠵᠤ᠂ ᠪᠦᠭᠦ ᠪᠥᠮᠪᠥᠷᠴᠡᠭ ᠤᠨ ᠪᠣᠯᠪᠠᠰᠤᠨ ᠤ ᠶᠠᠷᠢᠯᠴᠠᠭ᠎ᠠ | ᠬᠠᠮᠲᠤᠷᠠᠯᠴᠠᠭ᠎ᠠ ᠶᠢᠨ ᠰᠦᠯᠵᠢᠶ᠎ᠡ ᠶᠢ ᠪᠠᠶᠢᠭᠤᠯᠬᠤ ᠶᠢ ᠶᠠᠷᠢᠯᠴᠠᠵᠤ᠂ ᠡᠯ᠎ᠡ ᠤᠯᠤᠰ ᠤᠨ ᠪᠣᠯᠪᠠᠰᠤᠨ ᠤ ᠰᠣᠯᠢᠯᠴᠠᠭ᠎ᠠ | ᠲᠣᠯᠢᠳᠠᠯ ᠢ ᠳᠡᠮᠵᠢᠵᠦ᠂ ᠳᠡᠯᠡᠬᠡᠢ ᠶᠢᠨ ᠠᠳᠠᠯᠢ ᠪᠤᠰᠤ ᠪᠣᠯᠪᠠᠰᠤᠨ ᠢ ᠳᠤᠮᠳᠠᠳᠤ ᠤᠯᠤᠰ ᠤᠨ ᠵᠢᠦ ᠵᠠᠢ ᠭᠧᠦ ᠶᠢᠨ ᠦ᠋ ᠼᠠᠢ | ᡂᠢ ᠨᠠᠭᠤᠷ ᠪᠣᠯᠣᠨ ᠫᠧᠷᠦ᠋ ᠶᠢᠨ ᠮᠠᠷᠠᠰ ᠤᠨ ᠱᠠᠲᠤᠨ ᠲᠠᠷᠢᠶ᠎ᠠ ᠮᠡᠲᠦ ᠥᠩᠭᠡ ᠪᠤᠳᠤᠭ ᠨᠢ ᠢᠯᠭᠠᠷᠠᠵᠤ᠂ ᠭᠡᠯᠪᠡᠷᠢ | ᠳᠦᠷᠰᠦ ᠨᠢ ᠠᠳᠠᠯᠢ ᠪᠤᠰᠤ ᠪᠤᠯᠪᠠᠴᠤ ᠬᠠᠷᠢᠯᠴᠠᠨ ᠭᠡᠶᠢᠭᠦᠯᠦᠨ ᠭᠡᠷᠡᠯᠳᠦᠭᠦᠯᠵᠦ᠂ ᠬᠠᠷᠢᠯᠴᠠᠨ ᠬᠠᠪᠰᠤᠷᠤᠯᠴᠠᠨ ᠬᠠᠷᠢᠯᠴᠠᠨ | ᠲᠤᠪᠤᠶᠢᠯᠭᠠᠬᠤ ᠪᠤᠯᠭᠠᠵᠤ᠂ ᠬᠥᠮᠥᠨ ᠲᠥᠷᠥᠯᠬᠢᠲᠡᠨ ᠤ ᠪᠣᠯᠪᠠᠰᠤᠨ ᠤ ᠲᠠᠪᠰᠢᠯᠳᠠ ᠳᠤ ᠨᠡᠩ ᠶᠡᠭᠡ ᠬᠤᠪᠢ ᠨᠡᠮᠡᠷᠢ | ᠦᠵᠡᠭᠦᠯᠦᠶ᠎ᠡ᠃ | 2008 ᠣᠨ᠂ 2016 ᠣᠨ ᠳᠤ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠠᠵᠤ ᠠᠬᠤᠢ ᠶᠢᠨ | ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠬᠥᠮᠥᠰ ᠤᠨ ᠠᠯᠪᠠᠨ ᠶᠣᠰᠣᠨ ᠤ ᠪᠤᠰᠤ ᠬᠤᠷᠠᠯ ᠢ | ᠬᠤᠶᠠᠷ ᠤᠳᠠᠭ᠎ᠠ ᠠᠮᠵᠢᠯᠲᠠ ᠲᠠᠢ ᠡᠷᠭᠢᠯᠡᠭᠰᠡᠨ ᠤ ᠲᠠᠷᠠᠭ᠎ᠠ᠂ ᠫᠧᠷᠦ᠋ ᠭᠤᠷᠪᠠᠳᠠᠭᠢ ᠤᠳᠠᠭ᠎ᠠ ᠡᠨᠡ ᠬᠦ ᠴᠢᠬᠤᠯᠠ ᠬᠤᠷᠠᠯ ᠢ | ᠡᠷᠭᠢᠯᠡᠨ ᠬᠤᠷᠠᠯᠳᠤᠭᠤᠯᠬᠤ ᠪᠣᠯᠣᠨ᠎ᠠ᠃ 3 ᠤᠳᠠᠭ᠎ᠠ ᠶᠢᠨ ᠬᠤᠷᠠᠯ ᠤᠨ ᠭᠤᠣᠯ ᠰᠡᠳᠦᠪ ᠨᠢ ︽ᠠᠽᠢᠶ᠎ᠠ ᠲᠢᠪ ᠨᠣᠮᠣᠬᠠᠨ | ᠲᠠᠯᠠᠢ ᠶᠢᠨ ᠣᠷᠣᠨ ᠤ ᠬᠥᠭᠵᠢᠯᠲᠡ ᠶᠢᠨ ᠰᠢᠨ᠎ᠡ ᠠᠮᠠᠯᠠᠯᠲᠠ︾ ᠠᠴᠠ ︽ᠴᠢᠨᠠᠷ ᠰᠠᠶᠢᠲᠠᠢ ᠨᠡᠮᠡᠭᠳᠡᠯ ᠪᠣᠯᠣᠨ ᠬᠥᠮᠥᠨ | ᠲᠥᠷᠥᠯᠬᠢᠲᠡᠨ ᠤ ᠬᠥᠭᠵᠢᠯᠲᠡ︾ ᠭᠦᠷᠲᠡᠯ᠎ᠡ᠂ ᠲᠠᠭᠢᠭᠠᠳ ᠡᠨᠡ ᠵᠢᠯ ᠤᠨ ︽ᠡᠨᠧᠷᠭᠢ ᠣᠯᠭᠤᠯᠲᠠ᠂ ᠤ ᠠᠭᠲᠠᠭᠠᠮᠵᠢᠲᠠᠢ᠂ | ᠨᠡᠮᠡᠭᠳᠡᠯ︾ ᠭᠦᠷᠲᠡᠯ᠎ᠡ᠂ ᠫᠧᠷᠦ᠋ ᠶᠢᠨ ᠲᠠᠯ᠎ᠠ ᠶᠢᠨ ᠨᠡᠭᠡᠭᠡᠯᠲᠡᠲᠤ ᠭᠡᠯᠪᠡᠷᠢ ᠶᠢᠨ ᠠᠽᠢᠶ᠎ᠠ ᠲᠢᠪ ᠨᠣᠮᠣᠬᠠᠨ ᠲᠠᠯᠠᠢ ᠶᠢᠨ | ᠣᠷᠣᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠢ | ᠠᠬᠢᠭᠤᠯᠬᠤ ᠡᠷᠡᠰ ᠤ ᠠᠲᠤ ᠢᠲᠡᠭᠡᠯ ᠵᠣᠷᠢᠭ ᠢ ᠭᠦᠢᠴᠡᠳ ᠢᠯᠡᠷᠡᠭᠦᠯᠵᠦ᠂ ᠨᠡᠭᠡᠭᠡᠯᠲᠡᠲᠡᠢ ᠤ ᠠᠭᠲᠠᠭᠠᠮᠵᠢᠲᠠᠢ᠂ | ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ︽ᠯᠢᠮᠠ ᠶᠢᠨ ᠳᠠᠭᠤᠨ︾ ᠢ ᠬᠦᠴᠦᠲᠡᠢ ᠬᠠᠩᠭᠢᠨᠠᠭᠤᠯᠤᠭᠰᠠᠨ ᠪᠠᠶᠢᠨ᠎ᠠ᠃ | ᠫᠧᠷᠦ᠋ ᠶᠢᠨ ᠬᠢᠨ ᠤ ᠬᠤᠷᠠᠯ ᠡᠷᠭᠢᠯᠡᠭᠦ ᠶᠢ ᠳᠤᠮᠳᠠᠳᠤ ᠤᠯᠤᠰ ᠡᠷᠡᠰ ᠲᠡᠮᠵᠢᠵᠤ᠂ ᠳᠤᠷᠠᠲᠠᠶ᠎ᠠ ᠫᠧᠷᠦ᠋ ᠶᠢᠨ ᠬᠢᠨ ᠲᠠᠢ ᠨᠢᠭᠲᠠ | ᠬᠠᠮᠵᠢᠯᠴᠠᠵᠤ᠂ ᠬᠤᠷᠠᠯ ᠤᠨ ᠢᠳᠡᠪᠬᠢᠲᠡᠢ ᠦᠷ᠎ᠡ ᠪᠦᠲᠦᠭᠡᠯ ᠣᠯᠬᠤ ᠶᠢ ᠠᠬᠢᠭᠤᠯᠵᠤ᠂ ᠠᠽᠢᠶ᠎ᠠ ᠲᠢᠪ ᠨᠣᠮᠣᠬᠠᠨ ᠲᠠᠯᠠᠢ ᠶᠢᠨ | ᠣᠷᠣᠨ ᠤ ᠬᠠᠮᠲᠤᠷᠠᠯᠴᠠᠭ᠎ᠠ ᠳᠤ ᠰᠢᠨ᠎ᠡ ︽ᠯᠢᠮᠠ ᠶᠢᠨ ᠢᠮ ᠲᠡᠮᠳᠡᠭ︾ ᠢ ᠦᠯᠡᠳᠡᠭᠡᠵᠦ᠂ ᠠᠽᠢᠶ᠎ᠠ ᠲᠢᠪ ᠨᠣᠮᠣᠬᠠᠨ | ᠲᠠᠯᠠᠢ ᠶᠢᠨ ᠣᠷᠣᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠳᠤ ᠰᠢᠨ᠎ᠡ ᠬᠤᠪᠢ | ᠨᠡᠮᠡᠷᠢ ᠦᠵᠡᠭᠦᠯᠦᠨ᠎ᠡ᠃ | ᠣᠳᠣᠬᠠᠨ ᠳᠤ᠂ ᠳᠡᠯᠡᠬᠡᠢ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠨ ᠬᠤᠪᠢᠷᠠᠵᠤ᠂ | ᠬᠥᠮᠥᠨ ᠲᠥᠷᠥᠯᠬᠢᠲᠡᠨ ᠤ ᠨᠡᠶᠢᠭᠡᠮ ᠳᠠᠭᠢᠨ ᠨᠢᠭᠡ ᠤᠳᠠᠭ᠎ᠠ ᠲᠡᠦᠬᠡ ᠶᠢᠨ ᠲᠣᠨᠣᠯᠵᠢᠨ ᠵᠠᠮ ᠳᠡᠭᠡᠷ᠎ᠡ ᠵᠣᠭᠰᠣᠵᠠᠢ᠃ | ᠫᠧᠷᠦ᠋ ᠶᠢᠨ ᠨᠠᠰᠺᠡ ᠶᠢᠨ ᠪᠣᠯᠪᠠᠰᠤᠨ ᠤ ᠯᠤᠲᠤ ᠶᠡᠭᠡ ᠭᠠᠵᠠᠷ ᠤᠨ ᠭᠠᠳᠠᠷᠭᠤ ᠶᠢᠨ ᠵᠢᠷᠤᠭ ᠨᠢ ᠲᠡᠭᠦᠨ ᠤ ᠳᠣᠲᠣᠷ᠎ᠠ ᠨᠢ | ᠪᠠᠶᠢᠭ᠎ᠠ ᠬᠥᠮᠥᠰ ᠢ ᠲᠥᠭᠡᠷᠢᠭᠳᠡᠭᠦᠯᠵᠦ᠂ ᠭᠠᠭᠴᠠ ᠬᠦ ᠥᠨᠳᠥᠷ ᠲᠤ ᠵᠣᠭᠰᠣᠪᠠᠯ ᠰᠠᠶ᠋ᠢ ᠪᠦᠭᠦ ᠲᠥᠷᠬᠦ ᠶᠢ ᠨᠢ ᠠᠵᠢᠭᠯᠠᠵᠤ | ᠴᠢᠳᠠᠳᠠᠭ᠃ ᠳᠤᠮᠳᠠᠳᠤ ᠶᠢᠨ ᠰᠢᠯᠦᠭ ᠲᠤ ︽ᠥᠪᠡᠷ ᠤᠨ ᠤ ᠡᠶ᠎ᠡ ᠥᠨᠳᠥᠷ ᠲᠡᠭᠷᠢ ᠳᠤᠷ ᠪᠠᠶᠢᠬᠤ ᠲᠤᠯᠠ᠂ ᠥᠩᠭᠡᠷᠡᠬᠦ | ᠡᠭᠦᠯᠡᠨ ᠤ ᠪᠠᠷ᠎ᠠ ᠬᠠᠯᠬᠠᠯᠠᠬᠤ ᠠᠴᠠ ᠠᠶᠤᠬᠤ ᠦᠭᠡᠢ︾ ᠭᠡᠵᠦ ᠰᠢᠯᠦᠭᠯᠡᠭᠰᠡᠨ ᠤ ᠠᠶᠢᠳᠠᠭ᠃ ᠳᠤᠮᠳᠠᠳᠤ ᠤᠯᠤᠰ ᠳᠤᠷᠠᠲᠠᠶ᠎ᠠ | ᠫᠧᠷᠦ᠋ ᠲᠠᠢ ᠬᠠᠮᠲᠤ ᠪᠠᠷ ᠥᠨᠳᠥᠷ ᠲᠤ ᠵᠣᠭᠰᠣᠨ ᠠᠯᠤᠰ ᠢ ᠤ ᠠᠷᠠᠯᠠᠬᠤ ᠶᠢ ᠤ ᠠᠷᠢᠮᠲᠠᠯᠠᠵᠤ᠂ ᠲᠡᠦᠬᠡ ᠶᠢᠨ ᠤᠷᠳᠤ | ᠦᠶᠡᠯᠡᠯ ᠠᠴᠠ ᠳᠡᠯᠡᠬᠡᠢ ᠶᠢᠨ ᠶᠡᠭᠡ ᠬᠠᠨᠳᠤᠰᠢ ᠶᠢ ᠡᠵᠡᠮᠳᠡᠵᠦ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ | ᠡᠷᠬᠡ ᠲᠡᠭᠰᠢ ᠡᠮᠬᠢ ᠳᠢᠭᠯᠢᠮ ᠲᠠᠢ ᠳᠡᠯᠡᠬᠡᠢ ᠶᠢᠨ ᠤᠯᠠᠨ ᠲᠦᠢᠯᠵᠢᠯᠲᠡ᠂ ᠲᠦᠭᠡᠮᠡᠯ ᠬᠠᠷᠠᠭᠠᠯᠵᠠᠯᠲᠤ ᠤ ᠠᠭᠲᠠᠭᠠᠮᠵᠢᠲᠠᠢ ᠠᠵᠤ | ᠠᠬᠤᠢ ᠶᠢᠨ ᠳᠡᠯᠡᠬᠡᠶᠢᠵᠢᠯᠲᠡ ᠶᠢ ᠠᠬᠢᠭᠤᠯᠵᠤ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ | ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ | ᠬᠠᠮᠲᠤ ᠪᠠᠷ ᠰᠠᠶᠢᠲᠤᠷ ᠨᠠᠶᠢᠳᠠᠪᠤᠷᠢᠵᠢᠭᠤᠯᠵᠤ᠂ ᠭᠠᠷ ᠬᠤᠯᠪᠣᠯᠴᠠᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠪᠠᠶᠢᠭᠤᠯᠤᠨ᠎ᠠ᠃ | ᠯᠠᠲ᠋ᠢᠨ ᠠᠮᠧᠷᠢᠺᠠ ᠲᠢᠪ ᠤᠨ ᠨᠠᠶᠢᠵᠠ ᠨᠠᠷ ᠦᠷᠭᠦᠯᠵᠢ᠄ ︽ᠰᠥᠰᠥ ᠵᠣᠷᠢᠭ ᠦᠭᠡᠢ ᠬᠥᠮᠥᠨ ᠬᠡᠵᠢᠶ᠎ᠡ ᠴᠦ ᠠᠭᠤᠯᠠ | ᠠᠪᠠᠷᠢᠵᠤ ᠲᠠᠩᠬᠢᠰ ᠭᠠᠲᠤᠯᠵᠤ ᠲᠡᠶᠢᠯᠭᠦ ᠦᠭᠡᠢ︾ ᠭᠡᠯᠴᠡᠳᠡᠭ᠃ ᠲᠡᠦᠬᠡ ᠶᠢᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ | ᠳᠤᠮᠳᠠᠳᠤ ᠤᠯᠤᠰ ᠳᠤᠷᠠᠲᠠᠶ᠎ᠠ ᠫᠧᠷᠦ᠋ ᠶᠢᠨ ᠨᠠᠶᠢᠵᠠ ᠨᠠᠷ ᠲᠠᠢ ᠬᠠᠮᠲᠤ ᠪᠠᠷ ᠰᠡᠳᠬᠢᠯ ᠨᠢᠭᠡᠳᠦᠨ ᠢᠵᠢᠯᠢ ᠴᠢᠭᠯᠡᠯ ᠢᠶᠠᠷ | ᠤᠷᠤᠭᠰᠢᠯᠠᠵᠤ᠂ ᠠᠭᠤᠯᠠ ᠲᠠᠨᠬᠭᠢᠰ ᠢ ᠳᠠᠪᠠᠵᠤ᠂ ᠳᠤᠮᠳᠠᠳᠤ ᠫᠧᠷᠦ᠋ ᠶᠢᠨ ᠨᠥᠬᠦᠷᠯᠡᠯ ᠤᠨ ᠣᠩᠭᠤᠴᠠ ᠶᠢ ᠵᠢᠯᠣᠭᠤᠳᠤᠨ | ᠨᠡᠩ ᠰᠠᠶᠢᠨ ᠰᠠᠶᠢᠬᠠᠨ ᠢᠷᠡᠭᠡᠳᠦᠢ ᠲᠡᠶᠢᠰᠢ ᠤᠷᠤᠭᠰᠢᠯᠠᠨ᠎ᠠ︕ |