【 ᠨᠠᠢᠮᠠᠳᠤᠭᠠᠷ ᠲᠠᠪᠤᠨ ᠵᠢᠯ ᠤᠨ ᠬᠠᠤᠯᠢ ᠲᠦᠭᠡᠮᠡᠯᠵᠢᠭᠦᠯᠬᠦ 】 ᠬᠠᠤᠯᠢ ᠲᠦᠭᠡᠮᠡᠯᠵᠢᠭᠦᠯᠬᠦ ᠤᠷᠤᠯᠳᠤᠭᠠᠨ ᠰᠤᠷᠭᠠᠭᠤᠯᠢ ᠶᠢᠨ ᠬᠦᠷᠢᠶᠡᠨ ᠳᠤ ᠣᠷᠣᠵᠤ  ︽ᠵᠢᠵᠢᠭ ᠨᠠᠬᠢᠶ᠎ᠠ ᠶᠢ ᠬᠠᠮᠠᠭᠠᠯᠠᠬᠤ ᠠᠮᠣᠷ ᠳᠦᠪᠰᠢᠨ ᠰᠣᠷᠭᠠᠭᠤᠯᠢ︾  ᠶᠢ  ᠳᠣᠰᠠᠯᠠᠬᠤ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2024/11/21
    11 ᠰᠠᠷ᠎ᠠ ᠶᠢᠨ 19 ᠤ ᠡᠳᠦᠷ᠂ ᠬᠤᠲᠠ ᠶᠢᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠥᠪ ᠭᠤᠷᠪᠠᠳᠤᠭᠠᠷ ᠪᠠᠭ᠎ᠠ ᠰᠤᠷᠭᠠᠭᠤᠯᠢ ᠲᠠᠢ ᠬᠠᠮᠲᠤᠷᠠᠨ ︽ᠬᠠᠤᠯᠢ ᠴᠠᠭᠠᠵᠠ ᠶᠢᠨ ᠲᠤᠰᠠᠯᠠᠮᠵᠢ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠵᠤ᠂ ᠵᠢᠵᠢᠭ ᠨᠠᠬᠢᠶ᠎ᠠ ᠶᠢ ᠬᠠᠮᠠᠭᠠᠯᠠᠬᠤ ᠠᠮᠣᠷ ᠳᠦᠪᠰᠢᠨ ᠰᠣᠷᠭᠠᠭᠤᠯᠢ ᠳᠤ ᠬᠦᠴᠦᠨ ᠨᠡᠮᠡᠷᠢᠯᠡᠪᠡ - ᠵᠠᠯᠠᠭᠤᠴᠤᠳ ᠪᠠᠭᠠᠴᠤᠳ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠮᠡᠳᠡᠯᠭᠡ ᠶᠢᠨ ᠤᠷᠤᠯᠳᠤᠭᠠᠨ︾ ᠤ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠡᠯ᠎ᠡ ᠠᠩᠬᠢ ᠶᠢᠨ ᠲᠥᠯᠥᠭᠡᠯᠡᠭᠴᠢᠳ ᠤᠨ ᠠᠩᠭᠢ ᠣᠷᠭᠢᠯᠤᠮ᠎ᠠ ᠬᠠᠯᠠᠭᠤᠨ ᠰᠡᠳᠬᠢᠯᠭᠡ ᠪᠠᠷ ᠡᠨᠡᠬᠦ ᠬᠠᠤᠯᠢ ᠴᠠᠭᠠᠵᠠ ᠶᠢᠨ ᠮᠡᠳᠡᠯᠭᠡ ᠶᠢᠨ ᠤᠷᠤᠯᠳᠤᠭᠠᠨ ᠳᠤ ᠣᠷᠣᠯᠴᠠᠪᠠ᠃ ᠤᠷᠤᠯᠳᠤᠭᠠᠨ ᠤ ᠠᠭᠤᠯᠭ᠎ᠠ ᠨᠢ ᠦᠨᠳᠦᠰᠦᠨ ᠬᠠᠤᠯᠢ᠂ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠬᠠᠤᠯᠢ᠂ ᠨᠠᠰᠤᠨ ᠳᠤ ᠦᠯᠦ ᠬᠦᠷᠦᠭᠰᠡᠳ ᠤᠨ ᠶᠠᠯ᠎ᠠ ᠬᠢᠬᠦ ᠶᠢ ᠰᠡᠷᠭᠡᠶᠢᠯᠡᠬᠦ ᠬᠠᠤᠯᠢ ᠵᠡᠷᠭᠡ ᠤᠯᠠᠨ ᠲᠠᠯ᠎ᠠ ᠶᠢ ᠬᠠᠮᠤᠷᠴᠠᠢ᠃      ᠵᠠᠪᠠᠯ ᠬᠠᠷᠢᠭᠤᠯᠬᠤ ᠰᠡᠳᠦᠪ ᠤᠨ ᠭᠤᠭᠴᠤᠭ᠎ᠠ ᠳᠤ᠂ ᠲᠠᠮᠢᠷᠴᠢᠳ ᠯᠠᠪᠳᠠᠭᠤᠨ ᠲᠣᠭᠲᠠᠭᠤᠨ ᠢᠶᠠᠷ ᠬᠠᠷᠢᠭᠤᠯᠲᠠ ᠥᠭᠴᠦ᠂ ᠯᠠᠪᠳᠠᠭᠤᠨ ᠪᠠᠲᠤᠲᠠᠢ ᠬᠠᠷᠢᠭᠤᠯᠲᠠ ᠥᠭᠴᠦ᠂ ᠯᠠᠪᠳᠠᠭᠤᠨ ᠪᠠᠲᠤᠲᠠᠢ ᠬᠠᠤᠯᠢ ᠴᠠᠭᠠᠵᠠ ᠶᠢᠨ ᠮᠡᠳᠡᠯᠭᠡ ᠶᠢᠨ ᠦᠨᠳᠦᠰᠦᠨ ᠵᠦᠢᠯ ᠢ ᠢᠯᠡᠷᠡᠭᠦᠯᠪᠡ︔ ᠠᠶᠤᠯ ᠲᠦᠭᠰᠢᠭᠦᠷᠢ ᠶᠢᠨ ᠰᠡᠳᠦᠪ ᠤᠨ ᠭᠤᠭᠴᠤᠭ᠎ᠠ ᠳᠤ ᠲᠠᠮᠢᠷᠴᠢᠳ ᠵᠣᠷᠢᠭᠲᠠᠢ ᠪᠠᠷ ᠥᠷᠢᠰᠥᠯᠳᠦᠵᠦ᠂ ᠥᠨᠳᠥᠷ ᠬᠤᠪᠢ ᠤᠯᠬᠤ ᠰᠡᠳᠦᠪ ᠢ ᠰᠣᠩᠭᠤᠵᠤ᠂ ᠲᠡᠳᠡᠨ ᠤ ᠰᠥᠰᠥ ᠵᠣᠷᠢᠭ ᠪᠣᠯᠤᠨ ᠤᠶᠤᠨ ᠤᠬᠠᠭᠠᠨ ᠢ ᠭᠦᠢᠴᠡᠳ ᠢᠯᠡᠷᠡᠭᠦᠯᠪᠡ᠃      ᠬᠤᠲᠠ ᠶᠢᠨ ᠭᠤᠷᠪᠠᠳᠤᠭᠠᠷ ᠪᠠᠭ᠎ᠠ ᠰᠤᠷᠭᠠᠭᠤᠯᠢ ᠶᠢᠨ ᠳᠥᠷᠪᠡᠳᠦᠭᠡᠷ ᠣᠨ ᠤ ᠭᠤᠷᠪᠠᠳᠤᠭᠠᠷ ᠠᠩᠭᠢ ᠭᠠᠷᠠᠭ ᠤᠨ ᠡᠳᠦᠷ ᠲᠡᠭᠡᠨ ᠬᠡᠯᠡᠬᠦ ᠳᠡᠭᠡᠨ᠄ ︽ᠲᠣᠰ ᠤᠳᠠᠭᠠᠨ ᠤ ᠬᠠᠤᠯᠢ ᠲᠦᠭᠡᠮᠡᠯᠵᠢᠭᠦᠯᠬᠦ ᠮᠡᠳᠡᠯᠭᠡ ᠶᠢᠨ ᠤᠷᠤᠯᠳᠤᠭᠠᠨ ᠳᠤ ᠨᠢᠭᠡᠳᠦᠭᠡᠷ ᠲᠤ ᠣᠷᠣᠵᠤ᠂ ᠤᠷᠤᠯᠳᠤᠭᠠᠨ ᠨᠢ ᠨᠠᠳᠠ ᠳᠤ ᠥᠪᠡᠷ ᠤᠨ ᠪᠣᠳᠠᠲᠤ ᠬᠦᠴᠦᠨ ᠢᠶᠠᠨ ᠳᠡᠯᠭᠡᠨ ᠦᠵᠡᠭᠦᠯᠬᠦ ᠲᠣᠬᠢᠶᠠᠯ ᠣᠯᠭᠤᠵᠤ᠂ ᠮᠠᠨ ᠤ ᠬᠠᠤᠯᠢ ᠲᠦᠷᠢᠮ ᠤᠨ ᠮᠡᠳᠡᠯᠭᠡ ᠶᠢᠨ ᠲᠤᠬᠠᠶ ᠬᠠᠯᠠᠭᠤᠨ ᠰᠡᠳᠬᠢᠯᠭᠡ ᠪᠠ ᠳᠤᠷ᠎ᠠ ᠰᠣᠨᠢᠷᠬᠠᠯ ᠢᠶᠠᠨ ᠳᠡᠭᠡᠭᠰᠢᠯᠡᠭᠦᠯᠵᠦ᠂ ᠰᠠᠶᠢᠨ ᠰᠠᠶᠢᠬᠠᠨ ᠰᠤᠷᠤᠯᠴᠠᠬᠤ ᠠᠭᠤᠷ ᠠᠮᠢᠰᠬᠤᠯ ᠢ ᠪᠣᠶ ᠪᠣᠯᠭᠠᠭᠰᠠᠨ︾ ᠭᠡᠵᠡᠶ᠃      ᠲᠤᠰ ᠤᠳᠠᠭᠠᠨ ᠤ ᠤᠷᠤᠯᠳᠤᠭᠠᠨ ᠢ ᠠᠮᠵᠢᠯᠲᠠ ᠲᠠᠢ ᠡᠷᠬᠢᠯᠡᠭᠰᠡᠨ ᠨᠢ ᠵᠠᠯᠠᠭᠤᠴᠤᠳ ᠪᠠᠭᠠᠴᠤᠳ ᠲᠤ ᠳᠤᠷ᠎ᠠ ᠰᠣᠨᠢᠷᠬᠠᠯ ᠪᠣᠯᠤᠨ ᠥᠷᠢᠰᠥᠯᠳᠦᠭᠡᠨ ᠤ ᠳᠤᠮᠳᠠ ᠬᠠᠤᠯᠢ ᠴᠠᠭᠠᠵᠠ ᠶᠢᠨ ᠷᠢᠳᠢ ᠰᠢᠳᠢ ᠶᠢ ᠮᠡᠳᠡᠷᠡᠭᠦᠯᠵᠦ᠂ ᠬᠠᠤᠯᠢ ᠪᠠᠷ ᠵᠠᠰᠠᠬᠤ ᠰᠤᠷᠭᠠᠭᠤᠯᠢ ᠶᠢᠨ ᠬᠦᠷᠢᠶ᠎ᠡ ᠶᠢ ᠪᠠᠶᠢᠭᠤᠯᠬᠤ᠂ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠬᠠᠮᠠᠭᠠᠯᠠᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠥᠭᠡᠳ ᠬᠠᠤᠯᠢ ᠪᠠᠷ ᠵᠠᠰᠠᠬᠤ ᠬᠥᠮᠦᠵᠢᠯ ᠢ ᠰᠤᠷᠭᠠᠭᠤᠯᠢ ᠶᠢᠨ ᠬᠦᠷᠢᠶᠡᠨ ᠳᠤ ᠦᠨᠳᠦᠰᠦᠯᠡᠭᠦᠯᠵᠦ᠂ ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ ᠵᠠᠯᠠᠭᠤᠴᠤᠳ ᠪᠠᠭᠠᠴᠤᠳ ᠤᠨ ᠰᠡᠳᠬᠢᠯ ᠳᠤ ᠭᠡᠷᠡᠯ ᠭᠢᠯᠪᠠᠭ᠎ᠠ ᠪᠠᠨ ᠰᠠᠴᠤᠷᠠᠭᠤᠯᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号