ᠪᠦᠬᠦ ᠠᠶᠢᠮᠠᠭ ᠤᠨ ᠠᠩᠬᠠᠳᠠᠭᠴᠢ ᠤᠮᠠᠷᠠᠲᠤ ᠬᠢᠯᠢ ᠶᠢᠨ ᠶᠦᠨ ᠶᠣᠣ ᠳᠠᠭᠠᠭᠤᠯᠢ ᠣᠳᠣᠨ ᠤ ᠬᠤᠪᠢᠶᠠᠷᠢ ᠲᠥᠪ ᠮᠠᠨ ᠤ ᠬᠤᠲᠠ ᠳᠤ ᠠᠰᠢᠭᠯᠠᠯᠲᠠ ᠳᠤ ᠣᠷᠣᠪᠠ
ᠨᠡᠶᠢᠲᠡᠯᠡᠭᠰᠡᠨ ᠴᠠᠭ᠄
2024/11/21
   ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠭᠠᠵᠠᠷ ᠵᠦᠢ ᠶᠢᠨ ᠮᠡᠳᠡᠭᠡ ᠵᠠᠩᠭᠢ ᠶᠢᠨ ᠲᠥᠪ ᠤᠨ ᠳᠡᠮᠵᠢᠯᠭᠡ ᠶᠢᠨ ᠡᠷᠬᠡ ᠣᠯᠭᠤᠯᠳᠠ ᠪᠠᠷ᠂ ᠤᠮᠠᠷᠠᠲᠤ ᠬᠢᠯᠢ ᠶᠢᠨ ᠶᠦᠨ ᠶᠣᠣ ᠡᠷᠢᠶᠡᠨ ᠬᠤᠲᠠ ᠶᠢᠨ ᠳᠠᠭᠠᠭᠤᠯᠢ ᠣᠳᠣᠨ ᠤ ᠬᠤᠪᠢᠶᠠᠷᠢ ᠲᠥᠪ ᠠᠰᠢᠭᠯᠠᠯᠳᠠ ᠳᠤ ᠣᠷᠣᠪᠠ᠃ ᠮᠠᠨ ᠤ ᠬᠤᠲᠠ ᠪᠦᠬᠦ ᠠᠶᠢᠮᠠᠭ ᠤᠨ ᠠᠩᠬᠠᠳᠠᠭᠴᠢ ᠤᠮᠠᠷᠠᠲᠤ ᠬᠢᠯᠢ ᠶᠢᠨ ᠶᠦᠨ ᠶᠣᠣ ᠳᠠᠭᠠᠭᠤᠯᠢ ᠣᠳᠣ ᠪᠠᠷ ᠪᠠᠶᠢᠭᠠᠯᠢ ᠶᠢᠨ ᠬᠢᠨᠠᠨ ᠬᠡᠮᠵᠢᠯᠲᠡ ᠥᠷᠨᠢᠭᠦᠯᠦᠭᠰᠡᠨ ᠭᠠᠵᠠᠷ ᠣᠷᠣᠨ ᠪᠣᠯᠪᠠ᠃
    ᠤᠮᠠᠷᠠᠲᠤ ᠬᠢᠯᠢ ᠶᠢᠨ ᠶᠦᠨ ᠶᠣᠣ ᠡᠷᠢᠶᠡᠨ ᠬᠤᠲᠠ ᠶᠢᠨ ᠳᠠᠭᠠᠭᠤᠯᠢ ᠣᠳᠣᠨ ᠤ ᠬᠤᠪᠢᠶᠠᠷᠢ ᠲᠥᠪ ︽ᠥᠪᠥᠷ ᠮᠣᠩᠭᠤᠯ ᠤᠨ ᠨᠢᠭᠡᠳᠦᠭᠡᠷ ᠨᠣᠮᠧᠷ︾ ᠤᠨ ᠬᠡᠷᠡᠯ ᠤᠬᠠᠭᠠᠨ ᠤ ᠠᠯᠤᠰ ᠰᠡᠷᠡᠯ ᠤᠨ ᠳᠠᠭᠠᠭᠤᠯᠢ ᠣᠳᠣᠨ ᠳᠤ ᠲᠦᠰᠢᠭᠯᠡᠨ᠂ ︽ᠲᠤᠭ᠎ᠠ ᠪᠠᠷᠢᠮᠲᠠ ᠶᠢᠨ ᠮᠡᠷᠭᠡᠵᠢᠯ ᠤᠨ ᠦᠢᠯᠡᠴᠢᠯᠡᠭᠡ︾ ᠶᠢᠨ ᠵᠠᠭᠪᠤᠷ ᠢ ᠬᠡᠷᠡᠭᠯᠡᠵᠦ᠂ ᠳᠦᠷᠰᠦ ᠰᠢᠩᠭᠡᠭᠡᠯᠲᠡ ᠶᠢᠨ ᠡᠬᠢ ᠪᠠᠶᠠᠯᠢᠭ ᠢ ᠰᠦᠯᠵᠢᠶᠡᠨ ᠳᠡᠭᠡᠷ᠎ᠡ ᠠᠭᠤᠷᠬᠠᠶ ᠶᠢᠨ ᠣᠷᠣᠨ ᠤ ᠵᠠᠭᠠᠭ ᠠᠴᠠ ᠬᠡᠲᠦᠷᠡᠭᠰᠡᠨ ᠰᠦᠪᠡᠭᠴᠢ ᠶᠢ ᠰᠡᠭᠦᠳᠡᠷᠯᠡᠨ᠂ ᠬᠠᠷᠢᠶᠠᠲᠤ ᠣᠷᠣᠨ ᠤ ᠳᠣᠲᠣᠷᠠᠬᠢ ᠭᠠᠵᠠᠷ ᠰᠢᠷᠣᠶ ᠳᠤ ︽AI ᠠᠯᠤᠰ ᠰᠡᠷᠡᠯ ᠤᠨ ᠮᠡᠷᠭᠡᠵᠢᠯ︾ ᠤᠨ ᠰᠢᠨ᠎ᠡ ᠪᠠᠷ ᠨᠡᠮᠡᠭᠳᠡᠭᠰᠡᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠤᠪᠢᠷᠠᠯᠲᠠ ᠶᠢᠨ ᠵᠢᠷᠤᠭ ᠲᠣᠯᠪᠤ ᠶᠢ ᠭᠠᠷᠭᠠᠨ ᠠᠪᠴᠤ᠂ ᠭᠠᠵᠠᠷ ᠤᠨ ᠪᠠᠶᠢᠴᠠ᠂ ᠤᠷᠭᠤᠮᠠᠯ ᠬᠤᠴᠢᠯᠭ᠎ᠠ᠂ ᠭᠠᠵᠠᠷ ᠰᠢᠷᠣᠶ ᠶᠢᠨ ᠠᠰᠢᠭᠯᠠᠯᠲᠠ ᠶᠢᠨ ᠪᠠᠶᠢᠳᠠᠯ ᠵᠡᠷᠭᠡ ᠵᠠᠩᠭᠢᠯᠠᠭ᠎ᠠ ᠶᠢᠨ ᠮᠡᠳᠡᠭᠡ ᠵᠠᠩᠭᠢ ᠶᠢ ᠲᠣᠳᠣᠷᠬᠠᠶ ᠢᠯᠡᠷᠡᠭᠦᠯᠵᠦ᠂ ᠲᠠᠷᠢᠶᠠᠨ ᠭᠠᠵᠠᠷ ᠢ ᠬᠠᠮᠠᠭᠠᠯᠠᠬᠤ᠂ ᠠᠭᠤᠷᠬᠠᠶ ᠶᠢᠨ ᠵᠠᠭᠠᠭ ᠳᠠᠪᠠᠵᠤ ᠬᠢᠨᠠᠨ ᠬᠠᠮᠢᠶᠠᠷᠬᠤ᠂ ᠲᠤᠰᠠᠯᠠᠬᠤ ᠭᠠᠵᠠᠷ ᠰᠢᠷᠣᠶ ᠶᠢ ᠬᠢᠨᠠᠨ ᠵᠥᠪᠰᠢᠶᠡᠷᠡᠬᠦ ᠵᠡᠷᠭᠡ ᠲᠠᠯ᠎ᠠ ᠪᠠᠷ ᠦᠢᠯᠡᠳᠦᠯ ᠢᠶᠠᠨ ᠪᠠᠳᠠᠷᠠᠭᠤᠯᠵᠤ ᠪᠣᠯᠤᠨ᠎ᠠ᠃
    ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠳᠣᠪᠴᠢᠶᠠᠨ ᠤ ᠰᠠᠯᠠᠭᠠᠨ ᠤ ᠬᠠᠷᠢᠭᠤᠴᠠᠯᠭᠠᠲᠠᠨ ᠵᠠᠩ ᠶᠦᠩ ᠹᠦ᠋᠄ ︽ᠲᠠᠷᠠᠭᠠᠴᠢ ᠶᠢᠨ ᠠᠯᠬᠤᠮ ᠳᠤ᠂ ᠪᠢᠳᠡ ᠳᠠᠭᠠᠭᠤᠯᠢ ᠣᠳᠣᠨ ᠤ ᠬᠡᠷᠡᠭᠯᠡᠭᠡᠨ ᠤ ᠲᠠᠪᠴᠠᠩ ᠳᠡᠭᠡᠷ᠎ᠡ ᠪᠠᠶᠢᠭᠠᠯᠢ ᠶᠢᠨ ᠡᠬᠢ ᠪᠠᠶᠠᠯᠢᠭ ᠤᠨ ᠲᠤᠬᠠᠶᠢᠯᠠᠭᠰᠠᠨ ᠠᠵᠢᠯ ᠤᠨ ᠬᠡᠷᠡᠭᠯᠡᠯᠲᠡ ᠶᠢᠨ ᠰᠢᠰᠲ᠋ᠧᠮ ᠢ ᠨᠡᠭᠡᠭᠡᠨ ᠬᠥᠭᠵᠢᠭᠦᠯᠵᠦ᠂ ᠭᠠᠵᠠᠷ ᠰᠢᠷᠣᠶ ᠶᠢᠨ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠡᠭᠦᠨ ᠤ ᠬᠠᠮᠲᠤ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠪᠠ ᠰᠡᠯᠭᠦᠨ ᠮᠠᠯᠵᠢᠬᠤ᠂ ᠪᠡᠯᠴᠢᠭᠡᠷᠯᠡᠭᠦᠯᠬᠦ ᠶᠢ ᠵᠣᠭᠰᠣᠭᠠᠬᠤ ᠬᠠᠮᠢᠶᠠᠷᠤᠯᠲᠠ ᠵᠡᠷᠭᠡ ᠲᠠᠪᠴᠠᠩ ᠢ ᠠᠭᠤᠰᠤᠯᠴᠠᠭᠤᠯᠵᠤ᠂ ᠪᠦᠷᠢᠨ ᠪᠦᠲᠦᠨ ᠡᠷᠴᠢᠮᠵᠢᠭᠦᠯᠦᠭᠰᠡᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠲᠠᠪᠴᠠᠩ ᠢ ᠪᠦᠷᠢᠯᠳᠦᠭᠦᠯᠵᠦ᠂ ᠦᠢᠯᠡᠴᠢᠯᠡᠭᠡ ᠪᠠᠨ ᠰᠢᠯᠢᠳᠡᠭᠵᠢᠭᠦᠯᠦᠨ ᠥᠪᠡᠷ ᠤᠨ ᠦᠷᠳᠡᠭ ᠢ ᠠᠷᠪᠢᠯᠠᠵᠤ᠂ ᠪᠣᠭᠤᠮᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠶᠢᠨ ᠲᠦᠪᠰᠢᠨ ᠢ ᠴᠢᠨᠠᠭᠰᠢᠳᠠ ᠳᠡᠭᠡᠭᠰᠢᠯᠡᠭᠦᠯᠪᠡ︾ ᠭᠡᠵᠦ ᠬᠡᠯᠡᠪᠡ᠃      ᠣᠲᠣ ᠪᠣᠯᠲᠠᠯ᠎ᠠ᠂ ᠤᠮᠠᠷᠠᠲᠤ ᠬᠢᠯᠢ ᠶᠢᠨ ᠶᠦᠨ ᠶᠣᠣ ᠡᠷᠢᠶᠡᠨ ᠬᠤᠲᠠ ᠶᠢᠨ ᠳᠠᠭᠠᠭᠤᠯᠢ ᠣᠳᠣᠨ ᠤ ᠬᠤᠪᠢᠶᠠᠷᠢ ᠲᠥᠪ ᠨᠢᠭᠡᠨᠲᠡ 2 ᠤᠳᠠᠭ᠎ᠠ ︽ᠪᠢᠴᠢᠯ ᠹᠢᠯᠢᠮ ᠤᠨ ᠬᠠᠤᠯᠢ ᠬᠡᠷᠡᠭᠵᠢᠭᠦᠯᠦᠯᠲᠡ︾ ᠶᠢ ᠥᠷᠨᠢᠭᠦᠯᠵᠦ᠂ ᠬᠥᠳᠡᠯᠦᠩᠭᠦᠶ ᠬᠢᠨᠠᠨ ᠬᠡᠮᠵᠢᠯᠲᠡ ᠶᠢᠨ ᠭᠠᠵᠠᠷ 36 ᠪᠣᠶ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号