ᠮᠠᠨ ᠤ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ︽ᠬᠠᠮᠲᠤ ᠪᠠᠷ ᠨᠥᠬᠦᠪᠥᠷᠢᠯᠡᠬᠦ︾ ᠶᠢ 100 % ᠪᠠᠷ ᠪᠦᠷᠢᠨ ᠪᠦᠷᠬᠦᠭᠦᠯᠪᠡ
ᠨᠡᠶᠢᠲᠡᠯᠡᠭᠰᠡᠨ ᠴᠠᠭ᠄
2024/11/21
          ᠥᠲᠡᠯᠪᠡᠯ ᠲᠦᠰᠢᠭ ᠲᠤᠯᠭᠠᠭᠤᠷᠢ ᠲᠠᠢ᠂ ᠥᠲᠡᠯᠪᠡᠯ ᠠᠰᠠᠷᠠᠮᠵᠢ ᠲᠠᠢ᠂ ᠥᠲᠡᠯᠪᠡᠯ ᠪᠠᠶᠠᠷ ᠴᠡᠩᠭᠡᠯ ᠲᠠᠢ᠂ ᠥᠲᠡᠯᠪᠡᠯ ᠠᠮᠤᠷ ᠲᠦᠪᠰᠢᠨ ᠪᠠᠶᠢᠬᠤ ᠪᠣᠯ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠬᠠᠮᠲᠤ ᠪᠠᠷ ᠨᠥᠬᠦᠪᠥᠷᠢ ᠥᠭᠬᠦ ᠠᠩᠬᠠᠨ ᠤ ᠵᠣᠷᠢᠯᠭ᠎ᠠ ᠪᠣᠯᠬᠤ ᠪᠠᠷ ᠪᠠᠷᠠᠬᠤ ᠥᠬᠡᠶ᠂ ᠨᠠᠩ ᠴᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠶᠢᠨ ᠵᠠᠩᠭᠢᠯᠠᠭ᠎ᠠ ᠪᠣᠯᠤᠨ᠎ᠠ᠃ ᠡᠨᠡ ᠵᠢᠯ ᠠᠴᠠ ᠨᠠᠰᠢ᠂ ᠮᠠᠨ ᠤ ᠬᠤᠲᠠ ᠬᠤᠪᠢ ᠬᠥᠮᠦᠨ ᠰᠦᠢᠳᠬᠡᠯ ᠲᠤᠰᠢᠶᠠᠬᠤ᠂ ᠵᠠᠰᠠᠭ ᠤᠨ ᠣᠷᠳᠣᠨ ᠤ ᠨᠥᠬᠦᠪᠥᠷᠢ ᠪᠠ ᠬᠠᠮᠲᠤ ᠶᠢᠨ ᠨᠥᠬᠦᠪᠥᠷᠢ ᠶᠢ ᠬᠠᠷᠢᠯᠴᠠᠨ ᠤᠶᠠᠯᠳᠤᠭᠤᠯᠬᠤ ᠠᠷᠭ᠎ᠠ ᠬᠡᠯᠪᠡᠷᠢ ᠶᠢᠨ ᠶᠣᠰᠣᠭᠠᠷ᠂ ᠬᠠᠮᠲᠤ ᠶᠢᠨ ᠨᠥᠬᠦᠪᠥᠷᠢ ᠶᠢᠨ ︽ᠭᠤᠷᠪᠠᠳᠤᠭᠠᠷ ᠲᠤᠯᠭᠠᠭᠤᠷᠢᠯᠠᠬᠤ ᠴᠡᠭ︾ ᠢ ᠲᠠᠰᠤᠷᠠᠯᠲᠠ ᠥᠬᠡᠶ ᠬᠥᠳᠡᠯᠭᠡᠵᠦ᠂ ᠮᠠᠨ ᠤ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ︽ᠬᠠᠮᠲᠤ ᠶᠢᠨ ᠨᠥᠬᠦᠪᠥᠷᠢ︾ ᠶᠢ 100% ᠪᠠᠷ ᠪᠦᠬᠦᠨ ᠢ ᠬᠠᠮᠤᠷᠬᠤ ᠶᠢ ᠪᠡᠶᠡᠯᠡᠭᠦᠯᠪᠡ᠃
    ᠬᠤᠷᠢᠭ᠎ᠠ ᠱᠤᠭᠤᠮ ᠢ ᠰᠠᠬᠢᠬᠤ᠂ ᠲᠣᠣᠷ ᠢ ᠰᠦᠯᠵᠢᠬᠦ᠂ ᠲᠣᠭᠲᠠᠴᠠ ᠪᠠᠶᠢᠭᠤᠯᠬᠤ᠂ ᠡᠨᠡ ᠵᠢᠯ ᠠᠴᠠ ᠨᠠᠰᠢ᠂ ᠮᠠᠨ ᠤ ᠬᠤᠲᠠ ᠶᠢᠨ ᠨᠡᠶᠢᠭᠡᠮ ᠤᠨ ᠪᠠᠲᠤᠯᠠᠭ᠎ᠠ ᠶᠢᠨ ᠲᠥᠪ ᠠᠴᠠ ᠨᠠᠰᠤᠵᠢᠯ ᠤᠨ ᠳᠠᠭᠠᠳᠬᠠᠯ ᠤᠨ ᠳᠦᠷᠢᠮ ᠤᠨ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠭᠰᠠᠨ ᠰᠠᠭᠤᠷᠢᠨ ᠳᠡᠭᠡᠷ᠎ᠡ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠬᠠᠮᠲᠤ ᠶᠢᠨ ᠠᠵᠤ ᠠᠬᠤᠢ ᠶᠢᠨ ᠨᠥᠬᠦᠪᠥᠷᠢ ᠶᠢᠨ ᠲᠣᠭᠲᠠᠴᠠ ᠶᠢ ᠢᠳᠡᠪᠬᠢᠲᠡᠢ ᠰᠦᠪᠡᠭᠴᠢᠯᠡᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠨᠥᠬᠦᠴᠡᠯ ᠲᠠᠢ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠠᠷ ᠳᠠᠮᠵᠢᠭᠤᠯᠤᠨ ᠳᠠᠭᠠᠳᠬᠠᠯ ᠳᠤ ᠣᠷᠣᠯᠴᠠᠭᠰᠠᠨ ᠲᠣᠰᠬᠤᠨ ᠤ ᠠᠷᠠᠳ ᠲᠤ ᠪᠣᠳᠠᠲᠠᠢ ᠨᠥᠬᠦᠪᠥᠷᠢ ᠬᠠᠩᠭᠠᠵᠤ᠂ ᠡᠭᠦᠨ ᠤ ᠤᠯᠠᠮ ᠠᠴᠠ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠲᠠᠩᠰᠠᠨ ᠡᠷᠦᠬᠡ ᠶᠢᠨ ᠪᠡᠯᠡ ᠮᠥᠩᠭᠦ ᠶᠢᠨ ᠬᠤᠷᠠᠮᠳᠤᠭᠤᠯᠭ᠎ᠠ ᠶᠢ ᠨᠡᠮᠡᠭᠳᠡᠭᠦᠯᠵᠦ᠂ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠬᠠᠷᠠᠭᠠᠯᠵᠠᠯ ᠤᠨ ᠲᠦᠪᠰᠢᠨ ᠢ ᠳᠡᠭᠡᠭᠰᠢᠯᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠪᠠᠲᠤᠯᠠᠭ᠎ᠠ ᠶᠢ ᠲᠠᠰᠤᠷᠠᠯᠲᠠ ᠦᠭᠡᠢ ᠪᠠᠬᠢᠵᠢᠭᠦᠯᠵᠦ᠂ ᠨᠡᠶᠢᠭᠡᠮ ᠤᠨ ᠪᠠᠲᠤᠯᠠᠭ᠎ᠠ ᠬᠢᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠬᠠᠮᠵᠢᠯᠴᠠᠨ ᠬᠥᠭᠵᠢᠬᠦ ᠶᠢ ᠴᠢᠷᠮᠠᠶᠢᠨ ᠠᠬᠢᠭᠤᠯᠪᠠ᠃
     ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠬᠠᠮᠲᠤ ᠶᠢᠨ ᠠᠵᠤ ᠠᠬᠤᠶ ᠶᠢᠨ ᠨᠥᠬᠦᠪᠥᠷᠢ ᠶᠢᠨ ᠠᠵᠢᠯ ᠢ ᠢᠳᠡᠪᠬᠢᠲᠡᠶ ᠠᠬᠢᠭᠤᠯᠬᠤ ᠶᠢᠨ ᠳᠣᠯᠠᠳᠠ᠂ ᠬᠤᠲᠠ ᠶᠢᠨ ᠨᠡᠶᠢᠭᠡᠮ ᠤᠨ ᠪᠠᠲᠤᠯᠠᠭ᠎ᠠ ᠶᠢᠨ ᠲᠥᠪ ᠠᠴᠠ ᠣᠯᠠᠨ ᠤᠳᠠᠭ᠎ᠠ ᠲᠠᠪᠤᠨ ᠭᠠᠴᠠᠭ᠎ᠠ ᠳᠤ ᠲᠤᠬᠠᠶ ᠶᠢᠨ ᠭᠠᠵᠠᠷ ᠤᠨ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠲᠣᠰᠬᠤᠨ ᠤ ᠠᠷᠠᠳ ᠤᠨ ᠶᠡᠭᠡ ᠬᠤᠷᠠᠯ ᠬᠤᠷᠠᠯᠳᠤᠭᠤᠯᠵᠤ᠂ ᠨᠥᠬᠦᠪᠥᠷᠢ ᠶᠢᠨ ᠪᠠᠷᠢᠮᠵᠢᠶ᠎ᠠ ᠵᠢᠴᠢ ᠨᠥᠬᠦᠪᠥᠷᠢ ᠣᠯᠭᠤᠬᠤ ᠡᠲᠡᠭᠡᠳ ᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠬᠥᠮᠦᠨ ᠪᠦᠬᠦᠨ ᠮᠡᠳᠡᠵᠦ᠂ ᠣᠯᠠᠨ ᠲᠦᠮᠡᠨ ᠢ ᠬᠠᠪᠰᠤᠷᠤᠨ ᠬᠠᠮᠲᠤ ᠶᠢᠨ ᠨᠥᠬᠦᠪᠥᠷᠢ ᠬᠥᠷᠳᠡᠬᠦ ᠠᠵᠤ ᠠᠬᠤᠶ ᠶᠢᠨ ᠲᠠᠩᠰᠠ ᠪᠠ ᠠᠯᠤᠰ ᠬᠡᠲᠦ ᠶᠢᠨ ᠲᠠᠩᠰᠠ ᠶᠢ ᠲᠣᠳᠣᠷᠬᠠᠶ ᠪᠤᠳᠤᠵᠤ᠂ ᠣᠯᠠᠨ ᠲᠦᠮᠡᠨ ᠤ ᠳᠠᠭᠠᠳᠬᠠᠯ ᠳᠤ ᠣᠷᠣᠯᠴᠠᠬᠤ ᠢᠳᠡᠪᠬᠢᠵᠢᠯ ᠢ ᠳᠡᠭᠡᠭᠰᠢᠯᠡᠭᠦᠯᠦᠨ᠂ ᠬᠠᠮᠲᠤ ᠶᠢᠨ ᠨᠥᠬᠦᠪᠥᠷᠢ ᠥᠭᠬᠦ ᠠᠵᠢᠯ ᠢ ᠬᠦᠴᠦᠲᠡᠶ ᠠᠬᠢᠭᠤᠯᠪᠠ᠃ 2024 ᠣᠨ ᠤ 10 ᠰᠠᠷ᠎ᠠ ᠪᠣᠯᠲᠠᠯ᠎ᠠ᠂ ᠮᠠᠨ ᠤ ᠬᠤᠲᠠ ᠶᠢᠨ 5 ᠭᠠᠴᠠᠭ᠎ᠠ ᠴᠥᠮ ᠬᠠᠮᠲᠤ ᠶᠢᠨ ᠠᠵᠤ ᠠᠬᠤᠶ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠳᠤ ᠣᠷᠣᠯᠴᠠᠵᠤ᠂ 496 ᠨᠡᠷ᠎ᠡ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠭᠰᠠᠨ ᠬᠥᠮᠦᠰ ᠲᠤ ᠰᠦᠢᠳᠬᠡᠯ ᠲᠤᠰᠢᠶᠠᠬᠤ ᠨᠥᠬᠦᠪᠥᠷᠢ ᠣᠯᠭᠤᠵᠤ᠂ ᠵᠣᠭᠤᠰ ᠤᠨ ᠲᠤᠭ᠎ᠠ ᠨᠢ ᠨᠡᠶᠢᠲᠡ 4.96 ᠲᠦᠮᠡᠨ ᠲᠥᠭᠦᠷᠢᠭ ᠲᠤ ᠬᠦᠷᠴᠦ᠂ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠠᠴᠠ ᠨᠥᠬᠦᠴᠡᠯ ᠳᠤ ᠨᠡᠶᠢᠴᠡᠬᠦ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠭᠰᠠᠨ ᠣᠯᠠᠨ ᠲᠦᠮᠡᠨ ᠢ ᠪᠦᠬᠦᠨ ᠢ ᠨᠥᠬᠦᠪᠥᠷᠢᠯᠡᠬᠦ ᠶᠢ ᠪᠥᠬᠦ ᠲᠠᠯ᠎ᠠ ᠪᠠᠷ ᠪᠡᠶᠡᠯᠡᠭᠦᠯᠪᠡ᠃
    ᠬᠤᠲᠠ ᠶᠢᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠡᠨᠡᠷᠢᠩᠬᠦᠢ ᠬᠡᠯᠡᠬᠦ ᠳᠡᠭᠡᠨ᠄ ︽ᠣᠶᠢᠷ᠎ᠠ ᠶᠢᠨ ᠵᠢᠯ ᠳᠤ ᠮᠠᠨ ᠤ ᠡᠯ᠎ᠡ ᠭᠠᠴᠠᠭᠠᠨ ᠤ ᠬᠠᠮᠲᠤ ᠶᠢᠨ ᠠᠵᠤ ᠠᠬᠤᠶ ᠨᠡᠯᠢᠶᠡᠳ ᠶᠡᠭᠡ ᠠᠵᠤ ᠠᠬᠤᠶ ᠶᠢᠨ ᠦᠷ᠎ᠡ ᠠᠰᠢᠭ ᠣᠯᠵᠤ᠂ ᠭᠠᠴᠠᠭᠠᠨ ᠤ ᠬᠠᠮᠲᠤ ᠶᠢᠨ ᠠᠵᠤ ᠠᠬᠤᠶ ᠪᠠᠷ ᠳᠠᠮᠵᠢᠭᠤᠯᠤᠨ ᠰᠦᠢᠳᠬᠡᠯ ᠲᠤᠰᠢᠶᠠᠬᠤ ᠨᠢ ᠭᠠᠴᠠᠭᠠᠨ ᠤ ᠮᠠᠯᠴᠢᠨ ᠲᠠᠷᠢᠶᠠᠴᠢᠨ ᠤ ᠠᠵᠤ ᠠᠬᠤᠶ ᠶᠢᠨ ᠳᠠᠷᠤᠭᠠᠰᠤ ᠶᠢ ᠪᠦᠲᠦᠮᠵᠢᠲᠡᠶ ᠬᠥᠩᠭᠡᠷᠡᠭᠦᠯᠵᠦ᠂ ᠮᠠᠯᠴᠢᠨ ᠲᠠᠷᠢᠶᠠᠴᠢᠨ ᠤ ᠠᠮᠢᠳᠤᠷᠠᠯ ᠢ ᠨᠠᠩ ᠪᠠᠲᠤᠯᠠᠭ᠎ᠠ ᠲᠠᠢ ᠪᠣᠯᠭᠠᠵᠤ ᠪᠣᠯᠤᠨ᠎ᠠ︾ ᠭᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号