ᠮᠠᠨ ᠤ ᠬᠤᠲᠠ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠱᠠᠯᠠᠪᠳᠠᠨ | ᠠᠬᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢᠨ ︽ᠰᠢᠨ᠎ᠡ ᠬᠥᠳᠡᠯᠭᠡᠭᠦᠷ︾ ᠢ ᠪᠣᠶ ᠪᠣᠯᠭᠠᠪᠠ᠃ | | 11 ᠰᠠᠷ᠎ᠠ ᠶᠢᠨ 21 ᠤ ᠡᠳᠦᠷ᠂ ᠰᠤᠷᠪᠤᠯᠵᠢᠯᠠᠭᠴᠢ ᠷᠦᠩ ᠭᠤᠸᠠᠨ ᠳ᠋ᠠ ᠦᠯᠡᠳᠡᠭᠳᠡᠯ ᠬᠦᠳᠡᠷ ᠤᠨ ᠬᠥᠮᠥᠷᠭᠡ ᠶᠢᠨ | ᠪᠠᠷᠢᠯᠭ᠎ᠠ ᠶᠢᠨ ᠲᠦᠷᠦᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠪᠠᠷᠢᠯᠭ᠎ᠠ ᠶᠢᠨ ᠲᠡᠷᠭᠡ ᠨᠠᠰᠢ ᠴᠠᠰᠢ | ᠰᠦᠯᠵᠢᠯᠳᠦᠵᠦ᠂ ᠠᠵᠢᠯᠴᠢᠳ ᠶᠠᠭ ᠨᠢᠭᠡᠳᠦᠭᠡᠷ ᠹᠷᠣᠨᠲ ᠲᠤ ᠡᠷᠡᠯᠬᠡᠭᠯᠡᠨ ᠪᠠᠶᠢᠯᠳᠤᠵᠤ᠂ ᠠᠬᠢᠴᠠ ᠶᠢ ᠪᠦᠬᠦ | ᠬᠦᠴᠦᠨ ᠢᠶᠠᠷ ᠢᠶᠠᠨ ᠠᠮᠵᠢᠵᠤ᠂ ᠪᠠᠷᠢᠯᠭ᠎ᠠ ᠶᠢᠨ ᠬᠤᠭᠤᠴᠠᠭ᠎ᠠ ᠶᠢ ᠠᠮᠵᠢᠵᠤ᠂ ᠲᠦᠷᠦᠯ ᠵᠦᠢᠯ ᠢ ᠲᠣᠭᠲᠠᠭᠰᠠᠨ | ᠬᠤᠭᠤᠴᠠᠭᠠᠨ ᠳᠤ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ ᠪᠠᠶᠢᠬᠤ ᠶᠢ ᠣᠯᠵᠤ | ᠬᠠᠷᠠᠪᠠ᠃ ᠷᠦᠩ ᠭᠤᠸᠠᠨ ᠳ᠋ᠠ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠶᠢᠯᠡᠭᠰᠡᠨ | ᠬᠡᠯᠲᠡᠰ ᠤᠨ ᠳᠠᠷᠤᠭ᠎ᠠ ᠴᠠᠩ ᡁᠢ ᠵᠢᠶᠦ᠋ᠨ᠄ ︽ᠣᠳᠣᠬᠠᠨ ᠳᠤ᠂ ᠲᠤᠰ ᠲᠦᠷᠦᠯ ᠵᠦᠢᠯ ᠨᠢ ᠨᠢᠭᠡᠨᠲᠡ ᠶᠡᠷᠦᠩᠬᠡᠢ | ᠪᠠᠷᠢᠯᠭ᠎ᠠ ᠶᠢᠨ ᠬᠡᠮᠵᠢᠶ᠎ᠡ ᠶᠢᠨ 90% ᠶᠢ ᠪᠡᠶᠡᠯᠡᠭᠦᠯᠵᠦ᠂ ᠵᠢᠱᠢᠯᠲᠡ ᠪᠠᠷ ᠡᠨᠡ ᠵᠢᠯ ᠤᠨ ᠡᠴᠦᠰ ᠲᠤ ᠪᠠᠶᠢᠭᠤᠯᠵᠤ | ᠳᠠᠭᠤᠰᠬᠠᠭᠠᠳ ᠠᠰᠢᠭᠯᠠᠯᠲᠠ ᠳᠤ ᠣᠷᠣᠭᠤᠯᠵᠤ ᠪᠣᠯᠤᠨ᠎ᠠ︾ ᠭᠡᠵᠦ ᠬᠡᠯᠡᠪᠡ᠃ ᠣᠶᠢᠯᠠᠭᠠᠭᠰᠠᠨ ᠢᠶᠠᠷ᠂ ᠲᠣᠰ ᠲᠥᠷᠥᠯ | ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 1 ᠳ᠋ᠦᠩᠰᠢᠭᠤᠷ ᠲᠥᠭᠦᠷᠢᠭ ᠲᠤ ᠬᠦᠷᠴᠦ᠂ ᠶᠡᠷᠦᠩᠬᠡᠶ ᠡᠵᠡᠯᠡᠬᠦ | ᠲᠠᠯᠠᠪᠠᠶ ᠨᠢ 53 ᠲᠦᠮᠡᠨ ᠲᠡᠭᠰᠢ ᠳᠥᠷᠪᠡᠯᠵᠢᠨ ᠮᠧᠳ᠋ᠷ ᠲᠤ ᠬᠦᠷᠴᠦ᠂ ᠶᠡᠷᠦᠩᠬᠡᠶ ᠬᠥᠮᠥᠷᠭᠡ ᠶᠢᠨ ᠪᠠᠭᠲᠠᠭᠠᠮᠵᠢ ᠨᠢ ᠪᠠᠷᠤᠭ | 1209.8 ᠲᠦᠮᠡᠨ ᠪᠣᠰᠤᠭ᠎ᠠ ᠳᠥᠷᠪᠡᠯᠵᠢᠨ ᠮᠧᠳ᠋ᠷ ᠪᠠᠶᠢᠵᠤ᠂ ᠪᠦᠲᠦᠮᠵᠢᠲᠡᠶ ᠴᠥᠭᠦᠷᠥᠮ ᠤᠨ ᠪᠠᠭᠲᠠᠭᠠᠮᠵᠢ ᠨᠢ ᠪᠠᠷᠤᠭ | 1080.7 ᠲᠦᠮᠡᠨ ᠪᠣᠰᠤᠭ᠎ᠠ ᠳᠥᠷᠪᠡᠯᠵᠢᠨ ᠮᠧᠳ᠋ᠷ ᠪᠠᠶᠢᠵᠤ᠂ ᠦᠯᠡᠳᠡᠭᠳᠡᠯ ᠬᠦᠳᠡᠷ ᠤᠨ ᠬᠥᠮᠥᠷᠭᠡ ᠶᠢᠨ ᠲᠠᠰ ᠤᠨ | ᠬᠤᠪᠢᠶᠠᠷᠢᠯᠠᠯᠲᠠ ᠳᠤ ᠭᠤᠷᠪᠠᠳᠤᠭᠠᠷ ᠳᠡᠰ ᠤᠨ ᠦᠯᠡᠳᠡᠭᠳᠡᠯ ᠬᠦᠳᠡᠷ ᠤᠨ ᠬᠥᠮᠥᠷᠭᠡ ᠳᠤ ᠬᠠᠷᠢᠶᠠᠯᠠᠭᠳᠠᠵᠤ᠂ ᠨᠡᠯᠢᠶᠡᠳ | ᠥᠨᠳᠥᠷ ᠬᠠᠳᠠᠭᠠᠯᠠᠬᠤ ᠴᠢᠳᠠᠪᠤᠷᠢ ᠪᠠ ᠠᠮᠤᠷ ᠲᠦᠪᠰᠢᠨ ᠤ ᠴᠢᠳᠠᠮᠵᠢ ᠶᠢ ᠪᠦᠷᠢᠯᠳᠦᠭᠦᠯᠦᠭᠰᠡᠨ ᠪᠠᠶᠢᠨ᠎ᠠ᠃ |