【 ᠠᠮᠤᠷ ᠳᠦᠪᠰᠢᠨ ᠤ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠵᠦ ᠠᠮᠤᠷ ᠳᠦᠪᠰᠢᠨ ᠬᠥᠭᠵᠢᠯᠲᠡ ᠶᠢ ᠠᠬᠢᠭᠤᠯᠤᠶ᠎ᠠ 】 ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠰᠠᠶᠢᠲᠤᠷ ᠠᠳᠬᠤᠵᠤ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠪᠣᠭᠤᠮᠲᠠ ᠶᠢ ᠪᠠᠲᠤ ᠰᠠᠬᠢᠨ᠎ᠠ
ᠨᠡᠶᠢᠲᠡᠯᠡᠭᠰᠡᠨ ᠴᠠᠭ᠄
2024/11/22
     ᠣᠨᠴᠠ ᠲᠥᠷᠥᠯ ᠤᠨ ᠲᠣᠨᠤᠭ ᠲᠥᠬᠦᠭᠡᠷᠦᠮᠵᠢ ᠨᠢ ᠡᠩ ᠤᠨ ᠲᠣᠨᠤᠭ ᠲᠥᠬᠦᠭᠡᠷᠦᠮᠵᠢ ᠲᠠᠢ ᠠᠳᠠᠯᠢ ᠦᠭᠡᠢ ᠪᠠᠶᠢᠵᠤ᠂ ᠮᠠᠰᠢ ᠶᠡᠭᠡ ᠠᠶᠤᠯᠲᠠᠢ ᠪᠥᠭᠡᠳ ᠡᠳ᠋ ᠬᠥᠷᠥᠩᠭᠡ ᠠᠮᠠᠷᠬᠠᠨ ᠬᠤᠬᠢᠷᠠᠳᠠᠭ᠃ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠠᠵᠢᠯᠯᠠᠭᠠᠨ ᠢ ᠪᠠᠲᠤᠯᠠᠵᠤ᠂ ᠠᠮᠤᠷ ᠲᠦᠪᠰᠢᠨ ᠤ ᠠᠳᠡᠯ ᠭᠠᠷᠬᠤ ᠶᠢ ᠡᠬᠢ ᠡᠭᠦᠰᠦᠯ ᠠᠴᠠ ᠨᠢ ᠬᠤᠷᠢᠭᠯᠠᠬᠤ ᠶᠢᠨ ᠲᠥᠯᠥᠭᠡ᠂ ᠣᠶᠢᠷ᠎ᠠ ᠳᠤ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠥᠷᠨᠢᠭᠦᠯᠵᠦ᠂ ᠠᠮᠤᠷ ᠲᠦᠪᠰᠢᠨ ᠤ ᠰᠡᠷᠡᠮᠵᠢ ᠶᠢᠨ ᠳᠣᠬᠢᠶ᠎ᠠ ᠥᠭᠪᠡ᠃      ᠬᠠᠤᠯᠢ ᠬᠡᠷᠡᠭᠵᠢᠭᠦᠯᠬᠦ ᠠᠵᠢᠯᠲᠠᠨ ᠬᠡᠢ ᠨᠡᠮᠡᠬᠦ ᠥᠷᠲᠡᠭᠡ᠂ ᠨᠡᠭᠦᠷᠡᠰᠦᠨ ᠬᠡᠢ ᠶᠢᠨ ᠺᠣᠮᠫᠠᠨᠢ ᠵᠡᠷᠭᠡ ᠭᠠᠵᠠᠷ ᠲᠤ ᠭᠦᠨᠵᠡᠭᠡᠶᠢᠷᠡᠨ᠂ ᠲᠤᠬᠠᠶ ᠶᠢᠨ ᠲᠠᠯᠠᠪᠤᠷ ᠲᠤ ᠲᠣᠨᠤᠭ ᠲᠥᠬᠦᠭᠡᠷᠦᠮᠵᠢ ᠶᠢ ᠪᠠᠶᠢᠴᠠᠭᠠᠨ ᠦᠵᠡᠬᠦ᠂ ᠮᠠᠲ᠋ᠧᠷᠢᠶᠠᠯ ᠪᠠᠶᠢᠴᠠᠭᠠᠨ ᠦᠵᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠡᠷᠡᠭᠯᠡᠯᠲᠡ ᠬᠠᠮᠢᠶᠠᠷᠤᠯᠲᠠ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠲᠣᠨᠤᠭ ᠲᠥᠬᠦᠭᠡᠷᠦᠮᠵᠢ ᠶᠢ ᠰᠢᠯᠭᠠᠨ ᠪᠠᠶᠢᠴᠠᠭᠠᠬᠤ᠂ ᠠᠵᠢᠯᠲᠠᠨ ᠤ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠤᠭᠰᠠᠨ ᠵᠡᠷᠭᠡ ᠪᠠᠶᠢᠳᠠᠯ ᠳᠤ ᠪᠠᠶᠢᠴᠠᠭᠠᠯᠲᠠ ᠬᠢᠵᠦ᠂ ᠡᠯ᠎ᠡ ᠵᠦᠢᠯ ᠤᠨ ᠠᠮᠤᠷ ᠲᠦᠪᠰᠢᠨ ᠤ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠪᠠ᠃     ᠪᠠᠭ᠎ᠠ ᠠᠰᠠᠭᠤᠳᠠᠯ ᠨᠢ ᠬᠠᠮᠤᠭ ᠤᠨ ᠠᠮᠠᠷᠬᠠᠨ ᠶᠡᠭᠡ ᠳᠠᠯᠳᠠ ᠭᠡᠮ ᠭᠠᠷᠬᠤ ᠶᠤᠮ᠃ ᠪᠠᠶᠢᠴᠠᠭᠠᠬᠤ ᠶᠢᠨ ᠬᠠᠮᠲᠤ᠂ ᠬᠠᠤᠯᠢ ᠬᠡᠷᠡᠭᠵᠢᠭᠦᠯᠬᠦ ᠠᠵᠢᠯᠲᠠᠳ ᠠᠵᠤ ᠠᠬᠤᠶᠢᠯᠠᠯ ᠢ ᠴᠠᠭ ᠢᠮᠠᠭᠲᠠ ᠰᠢᠮᠳᠠᠭᠤᠯᠵᠤ ᠪᠠᠶᠢᠭᠠᠳ ᠠᠶᠤᠯᠭᠦᠶ ᠦᠢᠯᠡᠳᠪᠦᠷᠢᠯᠡᠯ ᠤᠨ ᠡᠨᠡ ᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ᠠᠶᠤᠯᠭᠦᠶ ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠰᠠᠶᠢᠲᠤᠷ ᠨᠠᠶᠢᠳᠠᠪᠤᠷᠢᠵᠢᠭᠤᠯᠤᠨ᠂ ᠡᠯ᠎ᠡ ᠵᠦᠢᠯ ᠤᠨ ᠠᠮᠤᠷ ᠲᠦᠪᠰᠢᠨ ᠤ ᠲᠦᠷᠢᠮ ᠲᠣᠭᠲᠠᠭᠠᠯ ᠢ ᠲᠡᠭᠦᠯᠳᠡᠷᠵᠢᠭᠦᠯᠵᠦ᠂ ᠠᠮᠤᠷ ᠲᠦᠪᠰᠢᠨ ᠤ ᠬᠥᠮᠦᠵᠢᠯ ᠪᠣᠯᠪᠠᠰᠤᠷᠠᠭᠤᠯᠤᠯ ᠢ ᠴᠢᠩᠭᠠᠳᠬᠠᠨ᠂ ᠬᠠᠮᠢᠶᠠᠷᠤᠯᠲᠠ ᠶᠢᠨ ᠠᠵᠢᠯᠲᠠᠨ ᠤ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠢᠷᠤᠮᠵᠢᠭᠤᠯᠤᠨ ᠠᠵᠢᠯᠯᠠᠭᠤᠯᠵᠤ᠂ ᠠᠵᠢᠯᠯᠠᠭ᠎ᠠ ᠪᠠᠷ ᠢᠶᠠᠨ ᠠᠮᠤᠷ ᠲᠦᠪᠰᠢᠨ ᠤ ᠳᠠᠯᠳᠠ ᠬᠡᠮ ᠢ ᠠᠷᠢᠯᠭᠠᠨ᠎ᠠ᠃     ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠄ ︽ᠵᠢᠯ ᠤᠨ ᠡᠴᠦᠰ ᠵᠢᠯ ᠤᠨ ᠡᠬᠢ ᠪᠠᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠥᠬᠦ ᠬᠤᠲᠠ ᠶᠢᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠳᠤ ᠠᠮᠤᠷ ᠲᠦᠪᠰᠢᠨ ᠤ ᠶᠡᠭᠡ ᠪᠠᠶᠢᠴᠠᠭᠠᠯᠲᠠ ᠬᠢᠵᠡᠶ᠂ ᠭᠤᠤᠯᠳᠠᠭᠤ ᠠᠵᠤ ᠠᠬᠤᠶᠢᠯᠠᠯ ᠤᠨ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠡᠳᠦᠷ ᠢᠶᠠᠷ ᠬᠠᠮᠢᠶᠠᠷᠤᠨ ᠡᠵᠡᠮᠳᠡᠵᠦ᠂ ᠭᠠᠷᠠᠭ ᠢᠶᠠᠷ ᠵᠢᠭᠰᠠᠭᠠᠨ ᠪᠠᠶᠢᠴᠠᠭᠠᠵᠤ᠂ ᠰᠠᠷ᠎ᠠ ᠪᠠᠷ ᠳᠣᠭᠢᠷᠠᠭᠤᠯᠵᠤ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠦᠨᠡᠨ ᠬᠦ ᠪᠠᠲᠤᠯᠠᠨ᠎ᠠ᠃︾
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号