【 ᠠᠮᠤᠷ ᠳᠦᠪᠰᠢᠨ ᠤ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠵᠦ ᠠᠮᠤᠷ ᠳᠦᠪᠰᠢᠨ ᠬᠥᠭᠵᠢᠯᠲᠡ ᠶᠢ ᠠᠬᠢᠭᠤᠯᠤᠶ᠎ᠠ 】 ᠳᠠᠯᠳᠠ ᠭᠡᠮ ᠢ ᠵᠢᠭᠰᠠᠭᠠᠨ ᠪᠠᠶᠢᠴᠠᠭᠠᠵᠦ ᠨᠡᠶᠢᠭᠡᠮ ᠲᠣᠭᠤᠷᠢᠭ ᠤᠨ ᠠᠮᠤᠷ ᠲᠦᠪᠰᠢᠨ  ᠢ ᠴᠢᠩᠭᠠᠳᠬᠠᠨ᠎ᠠ
ᠨᠡᠶᠢᠲᠡᠯᠡᠭᠰᠡᠨ ᠴᠠᠭ᠄
2024/11/22
    ᠡᠪᠦᠯ ᠤᠨ ᠤᠯᠠᠷᠢᠯ ᠤᠨ ᠠᠭᠤᠷ ᠠᠮᠢᠰᠬᠤᠯ ᠬᠦᠢᠳᠡᠷᠡᠵᠦ᠂ ᠰᠠᠭᠤᠭᠠᠯᠢ ᠠᠷᠠᠳ ᠤᠨ ᠭᠠᠯ ᠬᠡᠷᠡᠭᠯᠡᠬᠦ ᠴᠠᠬᠢᠯᠭᠠᠨ ᠳᠤᠯᠠᠭᠠᠯᠠᠭ᠎ᠠ ᠶᠢᠨ ᠳᠠᠪᠲᠠᠮᠵᠢ ᠨᠡᠮᠡᠭᠳᠡᠵᠦ᠂ ᠠᠮᠤᠷ ᠲᠦᠪᠰᠢᠨ ᠢᠶᠠᠷ ᠭᠠᠯ ᠬᠡᠷᠡᠭᠯᠡᠬᠦ ᠤᠬᠠᠮᠰᠠᠷ ᠢ ᠳᠡᠭᠡᠭᠰᠢᠯᠡᠭᠦᠯᠬᠦ ᠨᠢ ᠨᠡᠩ ᠴᠢᠬᠤᠯᠠ ᠶᠤᠮ᠃ ᠪᠠᠶᠢᠰᠢᠩ ᠬᠡᠷ ᠤᠨ ᠲᠣᠭᠤᠷᠢᠭ ᠤᠨ ᠭᠠᠯ ᠤᠨᠲᠠᠷᠠᠭᠠᠬᠤ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠢ ᠭᠦᠨᠵᠡᠭᠡᠶ ᠠᠬᠢᠭᠤᠯᠵᠤ᠂ ᠭᠠᠯ ᠤᠨ ᠭᠠᠮᠰᠢᠭ ᠤᠨ ᠠᠳᠡᠯ ᠭᠠᠷᠬᠤ ᠶᠢ ᠪᠦᠲᠦᠮᠵᠢᠲᠡᠶ ᠬᠤᠷᠢᠭᠯᠠᠬᠤ ᠶᠢᠨ ᠳᠣᠯᠠᠳᠠ᠂ 11 ᠰᠠᠷ᠎ᠠ ᠶᠢᠨ 19 ᠤ ᠡᠳᠦᠷ᠂ ᠬᠤᠲᠠ ᠶᠢᠨ ᠤᠯᠠᠭᠠᠨ ᠨᠡᠶᠢᠭᠡᠮ ᠲᠣᠭᠤᠷᠢᠭ ᠤᠯᠠᠭᠠᠨ ᠲᠣᠮᠢᠯᠠᠭᠰᠠᠨ ᠰᠠᠯᠪᠤᠷᠢ ᠶᠢᠨ ᠨᠡᠶᠢᠭᠡᠮ ᠲᠣᠭᠤᠷᠢᠭ ᠤᠨ ᠠᠷᠠᠳ ᠤᠨ ᠴᠠᠭᠳᠠᠭ᠎ᠠ ᠲᠠᠢ ᠬᠠᠮᠲᠤᠷᠠᠨ ᠭᠡᠷ ᠪᠠᠶᠢᠰᠢᠩ ᠤᠨ ᠲᠣᠭᠤᠷᠢᠭ ᠲᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠪᠠ ᠡᠪᠦᠯ ᠤᠨ ᠤᠯᠠᠷᠢᠯ ᠤᠨ ᠭᠠᠯ ᠰᠡᠷᠭᠡᠶᠢᠯᠡᠬᠦ ᠤᠬᠠᠭᠤᠯᠭ᠎ᠠ ᠥᠷᠨᠢᠭᠦᠯᠪᠡ᠃     ᠲᠣᠰ ᠡᠳᠦᠷ᠂ ᠨᠡᠶᠢᠭᠡᠮ ᠲᠣᠭᠤᠷᠢᠭ ᠤᠨ ᠠᠵᠢᠯᠲᠠᠳ ᠠᠷᠠᠳ ᠤᠨ ᠴᠠᠭᠳᠠᠭ᠎ᠠ ᠲᠠᠢ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠬᠡᠷ ᠲᠤ ᠭᠦᠨᠵᠡᠭᠡᠶᠢᠷᠡᠵᠦ᠂ ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠪᠠ᠃ ᠢᠯᠠᠩᠭᠤᠶ᠎ᠠ ᠪᠠᠶᠢᠰᠢᠩ ᠲᠣᠭᠤᠷᠢᠭ ᠲᠤ ᠦᠷᠭᠦᠯᠵᠢ ᠬᠠᠷᠠᠭᠳᠠᠳᠠᠭ ᠴᠠᠬᠢᠯᠭᠠᠨ ᠤᠲᠠᠰᠤ ᠬᠠᠭᠤᠴᠢᠷᠠᠵᠤ᠂ ᠳᠤᠷ᠎ᠠ ᠪᠠᠷ ᠢᠶᠠᠨ ᠲᠠᠳᠠᠬᠤ᠂ ᠭᠡᠷ ᠪᠠᠶᠢᠰᠢᠩ ᠤᠨ ᠠᠷᠤ ᠥᠪᠥᠷ ᠲᠤ ᠲᠦᠯᠡᠭᠡ ᠣᠪᠣᠭᠠᠯᠠᠬᠤ᠂ ᠳᠤᠷ᠎ᠠ ᠪᠠᠷ ᠢᠶᠠᠨ ᠮᠣᠳᠣ ᠲᠦᠯᠡᠭᠡ ᠣᠪᠣᠭᠠᠯᠠᠬᠤ ᠵᠡᠷᠭᠡ ᠠᠰᠠᠭᠤᠳᠠᠯ ᠢ ᠢᠳᠬᠠᠨ ᠵᠢᠯᠣᠭᠤᠳᠴᠤ ᠴᠡᠭᠴᠡᠯᠡᠨ ᠰᠠᠶᠢᠵᠢᠷᠠᠭᠤᠯᠬᠤ ᠬᠡᠷᠡᠭᠲᠡᠶ︔ ᠰᠠᠭᠤᠭᠠᠯᠢ ᠠᠷᠠᠳ ᠲᠤ ᠴᠠᠬᠢᠯᠭᠠᠨ ᠬᠡᠷᠡᠭᠯᠡᠬᠦ᠂ ᠨᠡᠭᠦᠷᠡᠰᠦᠨ ᠵᠤᠤᠬ᠎ᠠ ᠪᠠᠷ ᠳᠤᠯᠠᠭᠠᠯᠠᠬᠤ ᠳᠠᠭᠠᠨ ᠪᠠᠰᠠ ᠠᠮᠤᠷ ᠲᠦᠪᠰᠢᠨ ᠢ ᠠᠩᠬᠠᠷᠬᠤ ᠵᠡᠷᠭᠡ ᠠᠮᠤᠷ ᠲᠦᠪᠰᠢᠨ ᠠᠮᠢᠳᠤᠷᠠᠯ ᠤᠨ ᠳᠠᠳᠬᠠᠯ ᠢ ᠪᠤᠢ ᠪᠣᠯᠭᠠᠬᠤ ᠬᠡᠷᠡᠭᠲᠡᠢ ᠭᠡᠵᠦ ᠰᠠᠨᠠᠭᠤᠯᠪᠠ᠃     ᠲᠠᠷᠠᠭᠠᠴᠢ ᠶᠢᠨ ᠠᠯᠬᠤᠮ ᠳᠤ᠂ ᠬᠤᠲᠠ ᠶᠢᠨ ᠤᠯᠠᠭᠠᠨ ᠨᠡᠶᠢᠭᠡᠮ ᠲᠣᠭᠤᠷᠢᠭ ᠤᠨ ᠬᠢᠨ ᠪᠠᠶᠢᠰᠢᠩ ᠲᠣᠭᠤᠷᠢᠭ ᠤᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠭᠠᠯ ᠤᠨ ᠭᠠᠮᠰᠢᠭ ᠤᠨ ᠳᠠᠯᠳᠠ ᠬᠡᠮ ᠢ ᠡᠬᠢ ᠡᠭᠦᠰᠦᠯ ᠠᠴᠠ ᠨᠢ ᠠᠷᠢᠯᠭᠠᠬᠤ ᠶᠢᠨ ᠬᠠᠮᠲᠤ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠭᠠᠯ ᠤᠨ ᠭᠠᠮᠰᠢᠭ ᠢ ᠰᠡᠷᠭᠡᠶᠢᠯᠡᠬᠦ ᠦᠵᠡᠯᠲᠡ ᠶᠢ ᠴᠢᠩᠭᠠᠷᠠᠭᠤᠯᠤᠨ᠂ ᠬᠠᠷᠢᠶᠠᠲᠤ ᠣᠷᠣᠨ ᠤ ᠡᠪᠦᠯ ᠤᠨ ᠤᠯᠠᠷᠢᠯ ᠤᠨ ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号