| | 11 ᠰᠠᠷ᠎ᠠ ᠶᠢᠨ 19 ᠤ ᠡᠳᠦᠷ᠂ ᠬᠤᠲᠠ ᠶᠢᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ | ᠦᠢᠯᠡᠴᠢᠯᠡᠭᠡᠨ ᠤ ᠲᠥᠪ ᠭᠤᠷᠪᠠᠳᠤᠭᠠᠷ ᠪᠠᠭ᠎ᠠ ᠰᠤᠷᠭᠠᠭᠤᠯᠢ ᠲᠠᠢ ᠬᠠᠮᠲᠤᠷᠠᠨ ︽ᠬᠠᠤᠯᠢ ᠴᠠᠭᠠᠵᠠ ᠶᠢᠨ | ᠲᠤᠰᠠᠯᠠᠮᠵᠢ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠵᠤ᠂ ᠵᠢᠵᠢᠭ ᠨᠠᠬᠢᠶ᠎ᠠ ᠶᠢ ᠬᠠᠮᠠᠭᠠᠯᠠᠬᠤ ᠠᠮᠣᠷ ᠳᠦᠪᠰᠢᠨ | ᠰᠣᠷᠭᠠᠭᠤᠯᠢ ᠳᠤ ᠬᠦᠴᠦᠨ ᠨᠡᠮᠡᠷᠢᠯᠡᠪᠡ - ᠵᠠᠯᠠᠭᠤᠴᠤᠳ ᠪᠠᠭᠠᠴᠤᠳ ᠤᠨ ᠬᠠᠤᠯᠢ ᠴᠠᠭᠠᠵᠠ ᠶᠢᠨ ᠶᠡᠷᠦ ᠶᠢᠨ | ᠮᠡᠳᠡᠯᠭᠡ ᠶᠢ ᠲᠦᠭᠡᠮᠡᠯᠵᠢᠭᠦᠯᠬᠦ ᠮᠡᠳᠡᠯᠭᠡ ᠶᠢᠨ ᠤᠷᠤᠯᠳᠤᠭᠠᠨ︾ ᠤ ᠠᠵᠢᠯᠯᠠᠭ᠎ᠠ ᠥᠷᠨᠢᠭᠦᠯᠪᠡ᠃ | | | | | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠡᠯ᠎ᠡ ᠠᠩᠬᠢ ᠶᠢᠨ ᠲᠥᠯᠥᠭᠡᠯᠡᠭᠴᠢᠳ ᠤᠨ ᠠᠩᠭᠢ | ᠣᠷᠭᠢᠯᠤᠮ᠎ᠠ ᠬᠠᠯᠠᠭᠤᠨ ᠰᠡᠳᠬᠢᠯᠭᠡ ᠪᠠᠷ ᠡᠨᠡᠬᠦ ᠬᠠᠤᠯᠢ ᠴᠠᠭᠠᠵᠠ ᠶᠢᠨ ᠮᠡᠳᠡᠯᠭᠡ ᠶᠢᠨ ᠤᠷᠤᠯᠳᠤᠭᠠᠨ ᠳᠤ ᠣᠷᠣᠯᠴᠠᠪᠠ | ᠃ ᠤᠷᠤᠯᠳᠤᠭᠠᠨ ᠤ ᠠᠭᠤᠯᠭ᠎ᠠ ᠨᠢ ᠦᠨᠳᠦᠰᠦᠨ ᠬᠠᠤᠯᠢ᠂ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠬᠠᠤᠯᠢ᠂ | ᠨᠠᠰᠤᠨ ᠳᠤ ᠦᠯᠦ ᠬᠦᠷᠦᠭᠰᠡᠳ ᠤᠨ ᠶᠠᠯ᠎ᠠ ᠬᠢᠬᠦ ᠶᠢ ᠰᠡᠷᠭᠡᠶᠢᠯᠡᠬᠦ ᠬᠠᠤᠯᠢ ᠵᠡᠷᠭᠡ ᠤᠯᠠᠨ ᠲᠠᠯ᠎ᠠ ᠶᠢ ᠬᠠᠮᠤᠷᠴᠠᠢ᠃ | | | | | ᠵᠠᠪᠠᠯ ᠬᠠᠷᠢᠭᠤᠯᠬᠤ ᠰᠡᠳᠦᠪ ᠤᠨ ᠭᠤᠭᠴᠤᠭ᠎ᠠ ᠳᠤ᠂ ᠲᠠᠮᠢᠷᠴᠢᠳ ᠯᠠᠪᠳᠠᠭᠤᠨ ᠲᠣᠭᠲᠠᠭᠤᠨ ᠢᠶᠠᠷ | ᠬᠠᠷᠢᠭᠤᠯᠲᠠ ᠥᠭᠴᠦ᠂ ᠯᠠᠪᠳᠠᠭᠤᠨ ᠪᠠᠲᠤᠲᠠᠢ ᠬᠠᠷᠢᠭᠤᠯᠲᠠ ᠥᠭᠴᠦ᠂ ᠯᠠᠪᠳᠠᠭᠤᠨ ᠪᠠᠲᠤᠲᠠᠢ ᠬᠠᠤᠯᠢ | ᠴᠠᠭᠠᠵᠠ ᠶᠢᠨ ᠮᠡᠳᠡᠯᠭᠡ ᠶᠢᠨ ᠦᠨᠳᠦᠰᠦᠨ ᠵᠦᠢᠯ ᠢ ᠢᠯᠡᠷᠡᠭᠦᠯᠪᠡ︔ ᠠᠶᠤᠯ ᠲᠦᠭᠰᠢᠭᠦᠷᠢ ᠶᠢᠨ ᠰᠡᠳᠦᠪ ᠤᠨ | ᠭᠤᠭᠴᠤᠭ᠎ᠠ ᠳᠤ ᠲᠠᠮᠢᠷᠴᠢᠳ ᠵᠣᠷᠢᠭᠲᠠᠢ ᠪᠠᠷ ᠥᠷᠢᠰᠥᠯᠳᠦᠵᠦ᠂ ᠥᠨᠳᠥᠷ ᠬᠤᠪᠢ ᠤᠯᠬᠤ ᠰᠡᠳᠦᠪ ᠢ ᠰᠣᠩᠭᠤᠵᠤ᠂ | ᠲᠡᠳᠡᠨ ᠤ ᠰᠥᠰᠥ ᠵᠣᠷᠢᠭ ᠪᠣᠯᠤᠨ ᠤᠶᠤᠨ ᠤᠬᠠᠭᠠᠨ ᠢ ᠭᠦᠢᠴᠡᠳ ᠢᠯᠡᠷᠡᠭᠦᠯᠪᠡ᠃ | | | | | ᠬᠤᠲᠠ ᠶᠢᠨ ᠭᠤᠷᠪᠠᠳᠤᠭᠠᠷ ᠪᠠᠭ᠎ᠠ ᠰᠤᠷᠭᠠᠭᠤᠯᠢ ᠶᠢᠨ ᠳᠥᠷᠪᠡᠳᠦᠭᠡᠷ ᠣᠨ ᠤ ᠭᠤᠷᠪᠠᠳᠤᠭᠠᠷ ᠠᠩᠭᠢ | ᠭᠠᠷᠠᠭ ᠤᠨ ᠡᠳᠦᠷ ᠲᠡᠭᠡᠨ ᠬᠡᠯᠡᠬᠦ ᠳᠡᠭᠡᠨ᠄ ︽ᠲᠣᠰ ᠤᠳᠠᠭᠠᠨ ᠤ ᠬᠠᠤᠯᠢ ᠲᠦᠭᠡᠮᠡᠯᠵᠢᠭᠦᠯᠬᠦ ᠮᠡᠳᠡᠯᠭᠡ ᠶᠢᠨ | ᠤᠷᠤᠯᠳᠤᠭᠠᠨ ᠳᠤ ᠨᠢᠭᠡᠳᠦᠭᠡᠷ ᠲᠤ ᠣᠷᠣᠵᠤ᠂ ᠤᠷᠤᠯᠳᠤᠭᠠᠨ ᠨᠢ ᠨᠠᠳᠠ ᠳᠤ ᠥᠪᠡᠷ ᠤᠨ ᠪᠣᠳᠠᠲᠤ ᠬᠦᠴᠦᠨ ᠢᠶᠠᠨ | ᠳᠡᠯᠭᠡᠨ ᠦᠵᠡᠭᠦᠯᠬᠦ ᠲᠣᠬᠢᠶᠠᠯ ᠣᠯᠭᠤᠵᠤ᠂ ᠮᠠᠨ ᠤ ᠬᠠᠤᠯᠢ ᠲᠦᠷᠢᠮ ᠤᠨ ᠮᠡᠳᠡᠯᠭᠡ ᠶᠢᠨ ᠲᠤᠬᠠᠶ ᠬᠠᠯᠠᠭᠤᠨ | ᠰᠡᠳᠬᠢᠯᠭᠡ ᠪᠠ ᠳᠤᠷ᠎ᠠ ᠰᠣᠨᠢᠷᠬᠠᠯ ᠢᠶᠠᠨ ᠳᠡᠭᠡᠭᠰᠢᠯᠡᠭᠦᠯᠵᠦ᠂ ᠰᠠᠶᠢᠨ ᠰᠠᠶᠢᠬᠠᠨ ᠰᠤᠷᠤᠯᠴᠠᠬᠤ ᠠᠭᠤᠷ ᠠᠮᠢᠰᠬᠤᠯ ᠢ | ᠪᠣᠶ ᠪᠣᠯᠭᠠᠭᠰᠠᠨ︾ ᠭᠡᠵᠡᠶ᠃ | ᠲᠤᠰ ᠤᠳᠠᠭᠠᠨ ᠤ ᠤᠷᠤᠯᠳᠤᠭᠠᠨ ᠢ ᠠᠮᠵᠢᠯᠲᠠ ᠲᠠᠢ ᠡᠷᠬᠢᠯᠡᠭᠰᠡᠨ ᠨᠢ ᠵᠠᠯᠠᠭᠤᠴᠤᠳ ᠪᠠᠭᠠᠴᠤᠳ ᠲᠤ | ᠳᠤᠷ᠎ᠠ ᠰᠣᠨᠢᠷᠬᠠᠯ ᠪᠣᠯᠤᠨ ᠥᠷᠢᠰᠥᠯᠳᠦᠭᠡᠨ ᠤ ᠳᠤᠮᠳᠠ ᠬᠠᠤᠯᠢ ᠴᠠᠭᠠᠵᠠ ᠶᠢᠨ ᠷᠢᠳᠢ ᠰᠢᠳᠢ ᠶᠢ ᠮᠡᠳᠡᠷᠡᠭᠦᠯᠵᠦ᠂ | ᠬᠠᠤᠯᠢ ᠪᠠᠷ ᠵᠠᠰᠠᠬᠤ ᠰᠤᠷᠭᠠᠭᠤᠯᠢ ᠶᠢᠨ ᠬᠦᠷᠢᠶ᠎ᠡ ᠶᠢ ᠪᠠᠶᠢᠭᠤᠯᠬᠤ᠂ ᠵᠠᠯᠠᠭᠤᠴᠤᠳ ᠪᠠᠭᠠᠴᠤᠳ ᠤᠨ ᠡᠷᠡᠭᠦᠯ ᠢᠶᠠᠷ | ᠦᠰᠦᠨ ᠪᠤᠶᠢᠵᠢᠬᠤ ᠶᠢ ᠬᠠᠮᠠᠭᠠᠯᠠᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠥᠭᠡᠳ ᠬᠠᠤᠯᠢ ᠪᠠᠷ ᠵᠠᠰᠠᠬᠤ | ᠬᠥᠮᠦᠵᠢᠯ ᠢ ᠰᠤᠷᠭᠠᠭᠤᠯᠢ ᠶᠢᠨ ᠬᠦᠷᠢᠶᠡᠨ ᠳᠤ ᠦᠨᠳᠦᠰᠦᠯᠡᠭᠦᠯᠵᠦ᠂ ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ | ᠵᠠᠯᠠᠭᠤᠴᠤᠳ ᠪᠠᠭᠠᠴᠤᠳ ᠤᠨ ᠰᠡᠳᠬᠢᠯ ᠳᠤ ᠭᠡᠷᠡᠯ ᠭᠢᠯᠪᠠᠭ᠎ᠠ ᠪᠠᠨ ᠰᠠᠴᠤᠷᠠᠭᠤᠯᠪᠠ᠃ | |