ᠰᠢ ᠶᠢᠨ ᠫᠢᠩ 2024 ᠣᠨ ᠤ ᠳᠡᠯᠡᠬᠡᠢ ᠶᠢᠨ ᠢᠨᠲ᠋ᠧᠷ ᠰᠦᠯᠵᠢᠶᠡᠨ ᠤ ᠶᠡᠭᠡ ᠬᠤᠷᠠᠯ ᠤᠨ ᠦᠵᠧᠨ ᠳᠠᠬᠢ ᠲᠦᠷᠦᠭᠦᠴᠦᠳ ᠤᠨ ᠬᠤᠷᠠᠯ ᠡᠬᠢᠯᠡᠭᠰᠡᠨ ᠳᠤ ᠸᠢᠳᠢᠤ᠋ ᠪᠠᠷ ᠪᠠᠶᠠᠷ ᠬᠦᠷᠭᠡᠪᠡ
ᠨᠡᠶᠢᠲᠡᠯᠡᠭᠰᠡᠨ ᠴᠠᠭ᠄
2024/11/22
       11 ᠰᠠᠷ᠎ᠠ ᠶᠢᠨ 20 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ 2024 ᠣᠨ ᠤ ᠳᠡᠯᠡᠬᠡᠢ ᠶᠢᠨ ᠢᠨᠲ᠋ᠧᠷ ᠰᠦᠯᠵᠢᠶᠡᠨ ᠤ ᠶᠡᠭᠡ ᠬᠤᠷᠠᠯ ᠤᠨ ᠦᠵᠧᠨ ᠳᠠᠬᠢ ᠲᠦᠷᠦᠭᠦᠴᠦᠳ ᠤᠨ ᠬᠤᠷᠠᠯ ᠤᠨ ᠡᠬᠢᠯᠡᠭᠰᠡᠨ ᠳᠤ ᠸᠢᠳᠢᠤ᠋ ᠪᠠᠷ ᠪᠠᠶᠠᠷ ᠬᠦᠷᠭᠡᠪᠡ᠃  
  11 ᠰᠠᠷ᠎ᠠ ᠶᠢᠨ 20 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ 2024 ᠣᠨ ᠤ ᠳᠡᠯᠡᠬᠡᠢ ᠶᠢᠨ ᠢᠨᠲ᠋ᠧᠷ ᠰᠦᠯᠵᠢᠶᠡᠨ ᠤ ᠶᠡᠭᠡ ᠬᠤᠷᠠᠯ ᠤᠨ ᠦᠵᠧᠨ ᠳᠠᠬᠢ ᠲᠦᠷᠦᠭᠦᠴᠦᠳ ᠤᠨ ᠬᠤᠷᠠᠯ ᠡᠬᠢᠯᠡᠭᠰᠡᠨ ᠳᠤ ᠸᠢᠳᠢᠤ᠋ ᠪᠠᠷ ᠪᠠᠶᠠᠷ ᠬᠦᠷᠭᠡᠪᠡ᠃    ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ    ᠰᠢ ᠶᠢᠨ ᠫᠢᠩ᠂ ᠣᠳᠣᠬᠠᠨ ᠳᠤ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠣᠨ ᠠᠵᠤ ᠦᠢᠯᠡᠰ ᠤᠨ ᠬᠤᠪᠢᠰᠤᠯᠲᠠ ᠦᠳᠲᠡᠷ ᠲᠦᠷᠭᠡᠨ ᠬᠥᠭᠵᠢᠵᠦ᠂ ᠵᠣᠬᠢᠶᠠᠮᠠᠯ ᠤᠶᠤᠨ ᠴᠢᠳᠠᠪᠤᠷᠢ ᠵᠡᠷᠭᠡ ᠰᠢᠨ᠎ᠡ ᠮᠡᠷᠭᠡᠵᠢᠯ ᠥᠷᠨᠢᠨ ᠬᠥᠭᠵᠢᠵᠦ᠂ ᠬᠥᠮᠥᠨ ᠲᠥᠷᠥᠯᠬᠢᠲᠡᠨ ᠤ ᠳᠡᠯᠡᠬᠡᠢ ᠶᠢᠷᠲᠢᠨᠴᠦ ᠶᠢ ᠲᠠᠨᠢᠬᠤ ᠪᠠ ᠳᠡᠯᠡᠬᠡᠢ ᠶᠢᠷᠲᠢᠨᠴᠦ ᠶᠢ ᠥᠭᠡᠷᠡᠴᠢᠯᠡᠬᠦ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠭᠦ ᠶᠢᠨ ᠬᠠᠮᠲᠤ ᠠᠯᠢ ᠤᠯᠠᠨ ᠤᠷᠢᠳᠴᠢᠯᠠᠨ ᠲᠥᠰᠥᠭᠡᠯᠡᠬᠦᠶ᠎ᠡ ᠪᠡᠷᠬᠡ ᠠᠶᠤᠯ ᠲᠦᠭᠰᠢᠭᠦᠷᠢ ᠥᠷᠢᠰᠦᠯᠳᠦᠭᠡᠨ ᠢ ᠠᠪᠴᠢᠷᠠᠭᠰᠠᠨ ᠪᠠᠶᠢᠨ᠎ᠠ᠃ ᠪᠢᠳᠡ ᠲᠣᠭᠠᠴᠢᠯᠠᠭᠰᠠᠨ᠂ ᠰᠦᠯᠵᠢᠶᠡᠵᠢᠭᠰᠡᠨ᠂ ᠣᠶᠤᠨᠴᠢᠯᠠᠭᠰᠠᠨ ᠬᠥᠭᠵᠢᠯᠲᠡ ᠶᠢᠨ ᠶᠡᠷᠦᠩᠬᠡᠢ ᠬᠠᠨᠳᠤᠰᠢ ᠶᠢ ᠡᠵᠡᠮᠳᠡᠵᠦ᠂ ᠰᠢᠨ᠎ᠡ ᠶᠢ ᠡᠭᠦᠳᠬᠦ ᠪᠠᠷ ᠨᠢᠭᠡᠳᠦᠭᠡᠷ ᠬᠥᠳᠡᠯᠭᠡᠬᠦ ᠬᠦᠴᠦᠨ ᠪᠤᠯᠭᠠᠵᠤ᠂ ᠠᠮᠤᠷ ᠲᠦᠪᠰᠢᠨ ᠢᠶᠠᠷ ᠬᠤᠷᠢᠭ᠎ᠠ ᠱᠤᠭᠤᠮ ᠤᠨ ᠱᠠᠭᠠᠷᠳᠠᠯᠭ᠎ᠠ ᠪᠤᠯᠭᠠᠵᠤ᠂ ᠲᠦᠭᠡᠮᠡᠯ ᠬᠠᠷᠠᠭᠠᠯᠵᠠᠯ ᠢ ᠦᠷᠳᠡᠭ ᠤᠨ ᠬᠥᠭᠡᠭᠡᠴᠡᠯᠳᠦᠯ ᠪᠤᠯᠭᠠᠵᠤ᠂ ᠰᠦᠯᠵᠢᠶᠡᠨ ᠤ ᠣᠷᠣᠨ ᠵᠠᠢ ᠶᠢᠨ ᠰᠢᠨ᠎ᠡ ᠶᠢ ᠡᠭᠦᠳᠬᠦ ᠬᠥᠭᠵᠢᠯᠲᠡ᠂ ᠠᠮᠤᠷ ᠲᠦᠪᠰᠢᠨ ᠬᠥᠭᠵᠢᠯᠲᠡ᠂ ᠲᠦᠭᠡᠮᠡᠯ ᠬᠠᠷᠠᠭᠠᠯᠵᠠᠯᠲᠤ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠭᠠᠷ ᠬᠤᠯᠪᠣᠯᠴᠠᠨ ᠨᠡᠩ ᠰᠠᠶᠢᠨ ᠰᠠᠶᠢᠬᠠᠨ ︽ᠲᠣᠭᠠᠴᠢᠯᠠᠭᠰᠠᠨ ᠢᠷᠡᠭᠡᠳᠦᠢ︾ ᠵᠦᠭ ᠤᠷᠤᠭᠰᠢᠯᠠᠪᠠᠯ ᠵᠣᠬᠢᠨ᠎ᠠ᠃ ᠳᠤᠮᠳᠠᠳᠤ ᠤᠯᠤᠰ ᠳᠤᠷᠠᠲᠠᠶ᠎ᠠ ᠳᠡᠯᠡᠬᠡᠢ ᠶᠢᠨ ᠡᠯ᠎ᠡ ᠤᠯᠤᠰ ᠲᠠᠢ ᠬᠠᠮᠲᠤ ᠪᠠᠷ ᠮᠡᠳᠡᠭᠡ ᠵᠠᠩᠭᠢ ᠶᠢᠨ ᠬᠤᠪᠢᠰᠬᠠᠯ ᠤᠨ ᠬᠥᠭᠵᠢᠯᠲᠡ ᠶᠢᠨ ᠲᠡᠦᠬᠡ ᠶᠢᠨ ᠰᠠᠨᠠᠭᠠᠴᠢᠯᠠᠭᠠᠲᠤ ᠡᠷᠬᠡ ᠶᠢ ᠡᠵᠡᠮᠳᠡᠵᠦ᠂ ᠰᠦᠯᠵᠢᠶᠡᠨ ᠤ ᠣᠷᠣᠨ ᠵᠠᠢ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠭᠠᠷ ᠬᠤᠯᠪᠣᠯᠴᠠᠨ ᠪᠠᠶᠢᠭᠤᠯᠵᠤ᠂ ᠢᠨᠲ᠋ᠧᠷ ᠰᠦᠯᠵᠢᠶ᠎ᠡ ᠪᠠᠷ ᠠᠷᠠᠳ ᠲᠦᠮᠡᠨ ᠳᠤ ᠨᠡᠩ ᠰᠠᠶᠢᠲᠤᠷ ᠪᠤᠶᠠᠨ ᠦᠢᠯᠡᠳᠴᠦ᠂ ᠳᠡᠯᠡᠬᠡᠢ ᠳ᠋ᠠᠬᠢᠨ ᠳᠤ ᠨᠡᠩ ᠰᠠᠶᠢᠲᠤᠷ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃    2024 ᠣᠨ ᠤ ᠳᠡᠯᠡᠬᠡᠢ ᠶᠢᠨ ᠢᠨᠲ᠋ᠧᠷ ᠰᠦᠯᠵᠢᠶᠡᠨ ᠤ ᠶᠡᠭᠡ ᠬᠤᠷᠠᠯ ᠤᠨ ᠦᠵᠧᠨ ᠳᠠᠬᠢ ᠲᠦᠷᠦᠭᠦᠴᠦᠳ ᠤᠨ ᠬᠤᠷᠠᠯ ᠲᠤᠰ ᠡᠳᠦᠷ ᠵᠧᠵᠢᠶᠠᠩ ᠮᠤᠵᠢ ᠶᠢᠨ ᠲᠦᠩ ᠰᠢᠶᠠᠩ ᠬᠤᠳᠠ ᠶᠢᠨ ᠦᠵᠧᠨ ᠳᠤ ᠡᠬᠢᠯᠡᠵᠦ᠂ ︽ᠬᠥᠮᠥᠨ ᠢᠶᠠᠷ ᠦᠨᠳᠦᠰᠦ ᠪᠤᠯᠭᠠᠬᠰᠠᠨ᠂ ᠣᠶᠤᠨᠴᠢ ᠥᠭᠡᠳᠡᠷᠬᠡᠭ ᠳᠠᠪᠰᠢᠩᠭᠤᠢ ᠲᠣᠭᠠᠴᠢᠯᠠᠭᠰᠠᠨ ᠢᠷᠡᠭᠡᠳᠦᠢ ᠶᠢ ᠤᠭᠲᠤᠶ᠎ᠠ - ᠭᠠᠷ ᠬᠤᠯᠪᠣᠯᠴᠠᠨ ᠰᠦᠯᠵᠢᠶᠡᠨ ᠤ ᠣᠷᠣᠨ ᠵᠠᠢ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠤᠶ᠎ᠠ︾ ᠭᠡᠬᠦ ᠭᠤᠣᠯ ᠰᠡᠳᠦᠪ ᠢᠶᠠᠷ ᠶᠠᠪᠤᠭᠳᠠᠨ᠎ᠠ᠂ ᠳᠡᠯᠡᠬᠡᠢ ᠶᠢᠨ ᠢᠨᠲ᠋ᠧᠷ ᠰᠦᠯᠵᠢᠶᠡᠨ ᠤ ᠶᠡᠭᠡ ᠬᠤᠷᠠᠯ ᠠᠴᠠ ᠭᠤᠣᠯᠯᠠᠨ ᠡᠷᠭᠢᠯᠡᠵᠦ᠂ ᠵᠧᠵᠢᠶᠠᠩ ᠮᠤᠵᠢ ᠶᠢᠨ ᠠᠷᠠᠳ ᠤᠨ ᠵᠠᠰᠠᠭ ᠤᠨ ᠣᠷᠳᠣᠨ ᠠᠴᠠ ᠳᠠᠭᠠᠭᠠᠴᠢᠯᠠᠨ ᠡᠷᠭᠢᠯᠡᠪᠡ᠃    ᠰᠢᠨᠬᠤᠸᠠ ᠬᠤᠷᠢᠶ᠎ᠠ ᠶᠢᠨ ᠪᠡᠭᠡᠵᠢᠩ ᠤᠨ 11 ᠰᠠᠷ᠎ᠠ ᠶᠢᠨ 20 ᠤ ᠴᠠᠭᠢᠯᠭᠠᠨ ᠮᠡᠳᠡᠭᠡ
 
ᠢᠷᠡᠯᠲᠡ᠄ ᠦᠪᠣᠷ ᠮᠣᠩᠭᠤᠯ ᠤᠨ ᠦᠪᠡᠷᠳᠡᠬᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠨᠠᠶᠢᠳᠡᠯᠡᠯ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号