ᠡᠨᠡ ᠵᠢᠯ ᠠᠴᠠ ᠨᠠᠰᠢ᠂ ᠡᠷᠢᠶᠡᠨ ᠪᠣᠭᠤᠮᠲᠠ ᠶᠢᠨ ᠬᠢᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ | ᠲᠡᠷᠭᠡᠨ ᠳᠤ ᠬᠦᠴᠦᠨ ᠨᠡᠮᠡᠷᠢᠯᠡᠵᠦ ︽ᠬᠤᠷᠳᠤᠴᠠ ᠪᠠᠨ ᠲᠦᠷᠭᠡᠳᠭᠡᠵᠦ︾᠂ ᠡᠳᠦᠷ ᠪᠦᠷᠢ 10 ᠣᠷᠴᠢᠮ ᠤᠨ | ᠵᠢᠰᠢᠶᠠᠨ ᠤ ᠭᠠᠯᠲᠤ ᠲᠡᠷᠭᠡ ᠪᠠᠷ ᠪᠠᠷᠠᠭ᠎ᠠ ᠪᠣᠯᠤᠨ ᠬᠦᠰᠡᠯ ᠡᠷᠡᠮᠡᠯᠵᠡᠯ ᠢᠶᠠᠨ ᠳᠦᠭᠦᠷᠲᠡᠯ᠎ᠡ ᠠᠴᠢᠶᠠᠯᠠᠵᠤ ᠤᠯᠤᠰ ᠤᠨ | ᠳᠣᠲᠣᠭᠠᠳᠤ ᠭᠠᠳᠠᠭᠠᠳᠤ ᠶᠢᠨ ᠤᠯᠠᠨ ᠭᠠᠵᠠᠷ ᠲᠤ ᠠᠶᠠᠯᠠᠨ᠎ᠠ᠃ | | | | | ᠣᠶᠢᠷ᠎ᠠ ᠶᠢᠨ ᠡᠳᠦᠷ ᠤᠳ ᠲᠤ᠂ ᠡᠷᠢᠶᠡᠨ ᠲᠡᠮᠦᠷ ᠵᠠᠮ ᠤᠨ ᠪᠣᠭᠤᠮᠲᠠ ᠶᠢᠨ ᠪᠠᠷᠠᠭᠠᠨ ᠤ ᠲᠠᠯᠠᠪᠤᠷ ᠲᠠᠬᠢ ᠨᠢᠭᠡᠨ | ᠥᠨᠳᠥᠷ ᠰᠦᠷᠯᠢᠭ ᠯᠦᠩ ᠮᠧᠨ ᠡᠯᠭᠦᠮᠡᠯ ︽ᠭᠠᠷ︾ ᠢᠶᠠᠨ ᠬᠤᠷᠦ᠋ᠢᠯᠠᠵᠤ᠂ ᠡᠯᠳᠡᠪ ᠥᠩᠭᠡ ᠶᠢᠨ ᠴᠢᠩᠭᠡᠯᠢᠭ ᠢ | ᠠᠳᠬᠤᠨ ᠰᠣᠯᠢᠵᠤ ᠠᠴᠢᠶᠠᠯᠠᠬᠤ ᠠᠵᠢᠯ ᠬᠢᠵᠡᠶ᠃ ᠲᠡᠮᠦᠷ ᠵᠠᠮ ᠤᠨ ᠰᠠᠯᠠᠭ᠎ᠠ ᠮᠥᠴᠢᠷ ᠤᠨ ᠪᠦᠷᠢᠳᠬᠡᠯ ᠢ | ᠦᠨᠳᠦᠰᠦᠯᠡᠪᠡᠯ᠂ ᠡᠨᠡ ᠵᠢᠯ ᠡᠷᠢᠶᠡᠨ ᠲᠡᠮᠦᠷ ᠵᠠᠮ ᠤᠨ ᠪᠣᠭᠤᠮᠲᠠ ᠪᠠᠷ ᠣᠷᠣᠵᠤ ᠭᠠᠷᠬᠤ ᠳᠤᠮᠳᠠᠳᠤ ᠡᠸᠦ᠋ᠷᠦᠫᠡ ᠶᠢᠨ | ᠵᠢᠰᠢᠶᠠᠨ ᠤ ᠭᠠᠯᠲᠤ ᠲᠡᠷᠭᠡ 1000᠂ 2000᠂ 3000 ᠶᠢ ᠳᠠᠪᠠᠵᠤ᠂ ᠲᠤᠰ ᠲᠤᠰ ᠨᠢᠳᠤᠨᠤᠨ ᠤ ᠬᠢ ᠠᠴᠠ 8 | ᠡᠳᠦᠷ᠂ 21 ᠡᠳᠦᠷ᠂ 12 ᠡᠳᠦᠷ ᠤᠷᠢᠳᠴᠢᠯᠠᠪᠠ᠃ 2013 ᠣᠨ ᠳᠤ ᠠᠩᠬ᠎ᠠ ᠤᠳᠠᠭ᠎ᠠ ᠳᠤᠮᠳᠠᠳᠤ | ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠪᠠᠷ ᠨᠡᠪᠲᠡᠷᠡᠭᠰᠡᠨ ᠠᠴᠠ ᠨᠠᠰᠢ᠂ ᠨᠡᠶᠢᠳᠡ 17000 ᠴᠤᠪᠤᠭ᠎ᠠ ᠲᠡᠷᠭᠡ | ᠠᠶᠠᠯᠠᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ | ᠣᠳᠣᠬᠠᠨ ᠳᠤ᠂ ᠡᠷᠢᠶᠡᠨ ᠪᠣᠭᠤᠮᠲᠠ ᠪᠠᠷ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠨᠢ | ᠭᠧᠷᠮᠠᠨ᠂ ᠫᠤᠯᠠᠨᠳ᠋᠂ ᠮᠣᠩᠭᠤᠯ ᠵᠡᠷᠭᠡ ᠤᠯᠤᠰ ᠲᠤ ᠬᠦᠷᠴᠦ᠂ ᠤᠯᠤᠰ ᠤᠨ ᠳᠣᠲᠣᠭᠠᠳᠤ ᠳᠤ ᠣᠯᠠᠨ ᠭᠠᠵᠠᠷ ᠢ | ᠬᠠᠮᠤᠷᠴᠤ ᠪᠣᠯᠣᠨ᠎ᠠ᠃ ᠪᠠᠷᠠᠭ᠎ᠠ ᠨᠢ ᠮᠠᠰᠢᠨ ᠲᠡᠷᠭᠡ᠂ ᠭᠡᠷ ᠤᠨ ᠬᠡᠷᠡᠭᠰᠡᠯ ᠪᠠᠷᠢᠯᠭ᠎ᠠ ᠶᠢᠨ ᠮᠠᠲ᠋ᠧᠷᠢᠶᠠᠯ ᠵᠡᠷᠭᠡ 10 | ᠮᠢᠩᠭᠠᠨ ᠲᠥᠷᠥᠯ ᠵᠦᠢᠯ ᠢ ᠬᠠᠮᠤᠷᠴᠠᠢ᠃ ᠬᠢᠯᠢ ᠠᠴᠠ ᠭᠠᠷᠬᠤ ᠡᠳ᠋ ᠪᠠᠷᠠᠭ᠎ᠠ ᠨᠢ ᠭᠤᠣᠯᠳᠠᠭᠤ ᠺᠣᠮᠫᠢᠦ᠋ᠲ᠋ᠧᠷ᠂ ᠯᠢᠲ᠋ᠢ | ᠳ᠋ᠢᠶᠠᠨ ᡂᠢ᠂ ᠰᠢᠨ᠎ᠡ ᠡᠨᠧᠷᠭᠢ ᠶᠢᠨ ᠮᠠᠰᠢᠨ ᠲᠡᠷᠭᠡ ᠵᠡᠷᠭᠡ ᠪᠠᠶᠢᠵᠤ᠂ ᠬᠢᠯᠢ ᠪᠠᠷ ᠣᠷᠣᠵᠤ ᠢᠷᠡᠬᠦ ᠡᠳ᠋ ᠪᠠᠷᠠᠭ᠎ᠠ ᠨᠢ | ᠭᠤᠣᠯᠳᠠᠭᠤ ᠧᠦ᠋ᠷᠣᠫᠠ ᠲᠢᠪ ᠤᠨ ᠣᠨᠴᠠᠯᠢᠭ ᠲᠠᠢ ᠤᠯᠠᠭᠠᠨ ᠠᠷᠢᠬᠢ᠂ ᠠᠷᠤᠷ᠎ᠠ ᠶᠢᠨ ᠲᠣᠰᠣ ᠵᠡᠷᠭᠡ ᠪᠣᠯᠤᠨ᠎ᠠ᠃ | ᠥᠨᠳᠥᠷ ᠨᠡᠮᠡᠯᠲᠡ ᠥᠷᠲᠡᠭ᠂ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠳᠬᠦᠨ ᠤ ᠨᠡᠮᠡᠭᠳᠡᠯ ᠨᠢ᠃ ᠡᠨᠡ | ᠵᠢᠯ ᠠᠴᠠ ᠨᠠᠰᠢ ᠡᠷᠢᠶᠡᠨ ᠲᠡᠮᠦᠷ ᠵᠠᠮ ᠤᠨ ᠪᠣᠭᠤᠮᠲᠠ ᠪᠠᠷ ᠳᠠᠮᠵᠢᠨ ᠭᠠᠳᠠᠭᠠᠳᠤ ᠳᠤ ᠭᠠᠷᠭᠠᠭᠰᠠᠨ ᠤᠯᠤᠰ ᠲᠠᠭᠠᠨ | ᠦᠢᠯᠡᠳᠪᠦᠷᠢᠯᠡᠭᠰᠡᠨ ᠮᠠᠰᠢᠨ ᠲᠡᠷᠭᠡ ᠨᠢᠭᠡᠨᠲᠡ 60 ᠭᠠᠷᠤᠢ ᠴᠤᠪᠤᠭ᠎ᠠ ᠪᠣᠯᠵᠤ᠂ ᠲᠡᠦᠬᠡ ᠶᠢᠨ ᠠᠳᠠᠯᠢ | ᠬᠤᠭᠤᠴᠠᠭᠠᠨ ᠤ ᠬᠠᠮᠤᠭ ᠤᠨ ᠰᠠᠶᠢᠨ ᠬᠢᠷᠢ ᠳᠦᠪᠰᠢᠨ ᠢ ᠡᠭᠦᠳᠴᠡᠢ᠃ | ᠬᠢᠯᠢ ᠪᠠᠷ ᠣᠷᠣᠵᠤ ᠭᠠᠷᠬᠤ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠠᠵᠢᠯᠯᠠᠭᠠᠨ ᠤ | ᠨᠡᠮᠡᠭᠳᠡᠯ ᠤᠨ ᠪᠠᠶᠢᠳᠠᠯ ᠤᠨ ᠡᠮᠦᠨ᠎ᠡ᠂ ᠡᠷᠢᠶᠡᠨ ᠲᠡᠮᠦᠷ ᠵᠠᠮ ᠤᠨ ᠪᠣᠭᠤᠮᠲᠠ ᠶᠢᠨ ᠬᠢᠨ ᠳᠤᠮᠳᠠᠳᠤ ᠧᠦ᠋ᠷᠣᠫᠠ ᠶᠢᠨ | ᠵᠢᠰᠢᠶᠠᠨ ᠤ ᠭᠠᠯᠲᠤ ᠲᠡᠷᠭᠡ ᠶᠢᠨ ᠬᠢᠯᠢ ᠳᠠᠬᠢ ᠪᠠ ᠬᠢᠯᠢ ᠶᠢᠨ ᠭᠠᠳᠠᠨᠠᠬᠢ ᠵᠣᠬᠢᠴᠠᠭᠤᠯᠬᠤ ᠲᠣᠭᠲᠠᠴᠠ ᠶᠢ ᠲᠠᠰᠤᠷᠠᠯᠲᠠ | ᠦᠭᠡᠢ ᠰᠢᠯᠢᠳᠡᠭᠵᠢᠭᠦᠯᠵᠦ᠂ ᠵᠢᠰᠢᠶᠠᠨ ᠤ ᠭᠠᠯᠲᠤ ᠲᠡᠷᠭᠡ ᠶᠢᠨ ᠠᠶᠠᠯᠠᠯ ᠤᠨ ᠲᠥᠯᠥᠪᠯᠡᠭᠡ ᠶᠢ ᠤᠨᠢᠨ ᠳᠡᠭᠡᠷ᠎ᠡ ᠨᠢ | ᠲᠣᠭᠲᠠᠭᠠᠵᠤ᠂ ︽ᠰᠠᠭᠠᠳ ᠦᠭᠡᠢ ᠨᠡᠪᠲᠡᠷᠡᠬᠦ ᠵᠠᠮ︾ ᠢ ᠨᠡᠪᠲᠡᠷᠡᠭᠦᠯᠵᠦ᠂ ᠲᠡᠷᠭᠡ ᠲᠣᠬᠢᠷᠠᠭᠤᠯᠬᠤ ᠮᠠᠰᠢᠨ ᠢ | ᠵᠣᠬᠢᠰᠲᠠᠢ ᠲᠤᠬᠢᠷᠠᠭᠤᠯᠵᠤ᠂ ︽ᠨᠢᠭᠡ ᠴᠤᠩᠬᠤᠪᠴᠢ ᠪᠠᠷ ᠨᠡᠶᠢᠳᠡᠮ ᠭᠦᠢᠴᠡᠳᠬᠡᠬᠦ︾ ᠪᠠ ︽7 × 24 ᠴᠠᠭ︾ | ᠤᠨ ᠤᠷᠢᠳᠴᠢᠯᠠᠨ ᠪᠣᠯᠵᠣᠵᠤ ᠪᠣᠭᠤᠮᠲᠠ ᠪᠠᠷ ᠥᠩᠭᠡᠷᠡᠬᠦ ᠦᠢᠯᠡᠴᠢᠯᠡᠭᠡ ᠶᠢ ᠳᠡᠯᠭᠡᠷᠡᠭᠦᠯᠵᠦ᠂ ᠬᠤᠳᠠᠯᠳᠤᠭᠠᠨ ᠤ | ᠶᠠᠪᠤᠳᠠᠯ ᠬᠢᠭᠡᠳ ᠲᠡᠷᠭᠡᠨ ᠦᠷᠳᠡᠭᠡ᠂ ᠬᠢᠯᠢ ᠶᠢᠨ ᠪᠠᠶᠢᠴᠠᠭᠠᠯᠲᠠ᠂ ᠪᠣᠭᠤᠮᠲᠠ ᠵᠡᠷᠭᠡ ᠰᠠᠯᠠᠭ᠎ᠠ ᠮᠥᠴᠢᠷ ᠤᠨ ᠮᠡᠳᠡᠭᠡ | ᠵᠠᠩᠭᠢ ᠶᠢ ᠬᠠᠮᠲᠤᠪᠠᠷ ᠡᠳ᠋ᠯᠡᠬᠦ ᠲᠣᠭᠲᠠᠴᠠ ᠶᠢ ᠴᠢᠩᠭᠠᠳᠬᠠᠵᠤ᠂ ᠵᠢᠰᠢᠶᠠᠨ ᠤ ᠭᠠᠯᠲᠤ ᠲᠡᠷᠭᠡ ᠶᠢᠨ ᠠᠵᠢᠯᠯᠠᠭᠠᠨ ᠤ | ᠪᠠᠶᠢᠳᠠᠯ ᠢ ᠴᠠᠭ ᠲᠤᠬᠠᠢ ᠳᠤᠨᠢ ᠠᠩᠬᠠᠷᠴᠤ᠂ ᠲᠣᠭᠠᠴᠢᠯᠠᠭᠰᠠᠨ ᠪᠣᠭᠤᠮᠲᠠ ᠶᠢᠨ ᠰᠢᠰᠲ᠋ᠧᠮ ᠤᠨ ᠪᠠᠶᠢᠭᠤᠯᠤᠯᠲᠠ ᠶᠢ | ᠴᠢᠩᠭᠠᠳᠬᠠᠵᠤ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠪᠣᠭᠤᠮᠲᠠ ᠪᠠᠷ ᠥᠩᠭᠡᠷᠡᠬᠦ ᠦᠷ᠎ᠡ | ᠪᠦᠲᠦᠮᠵᠢ ᠪᠠ ᠳᠥᠭᠦᠮᠴᠢᠯᠡᠯᠲᠡ ᠶᠢᠨ ᠲᠦᠪᠰᠢᠨ ᠢ ᠳᠡᠭᠡᠭᠰᠢᠯᠡᠭᠦᠯᠵᠦ᠂ ᠳᠤᠮᠳᠠᠳᠤ ᠧᠦ᠋ᠷᠣᠫᠠ ᠶᠢᠨ ᠵᠢᠰᠢᠶᠠᠨ ᠤ | ᠭᠠᠯᠲᠤ ᠲᠡᠷᠭᠡ ᠶᠢᠨ ︽ᠬᠤᠷᠳᠤᠴᠠ︾ ᠶᠢ ᠲᠦᠷᠭᠡᠳᠬᠡᠬᠦ ᠳᠤ ᠬᠦᠴᠦᠨ ᠨᠡᠮᠡᠷᠢᠯᠡᠨ᠎ᠡ᠃ |