【 ᠭᠤᠣᠯᠳᠠᠯᠭ᠎ᠠ ᠲᠠᠢ ᠲᠥᠷᠥᠯ ᠵᠦᠢᠯ ᠳᠤ ᠠᠩᠬᠠᠷᠤᠯ ᠢᠶᠠᠨ ᠲᠥᠪᠯᠡᠷᠡᠭᠦᠯᠦᠨ᠎ᠡ 】 ᠲᠦᠷᠭᠡᠨ ᠭᠦᠶᠦᠵᠦ ᠬᠥᠭᠵᠢᠯᠲᠡ ᠶᠢ ᠠᠬᠢᠭᠤᠯᠤᠨ᠎ᠠ︕ ᠮᠠᠨ ᠤ ᠬᠤᠲᠠ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠯᠠᠪᠳᠠᠭᠤᠨ ᠢᠶᠠᠷ ᠠᠬᠢᠪᠠ
ᠨᠡᠶᠢᠲᠡᠯᠡᠭᠰᠡᠨ ᠴᠠᠭ᠄
2024/11/25
     ᠡᠨᠡ ᠵᠢᠯ ᠠᠴᠠ ᠨᠠᠰᠢ᠂ ᠮᠠᠨ ᠤ ᠬᠤᠲᠠ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠭ᠎ᠠ ᠬᠡᠮᠵᠢᠶ᠎ᠡ ᠪᠠᠨ ᠪᠥᠬᠦ ᠬᠦᠴᠦᠨ ᠢᠶᠠᠷ ᠢᠶᠠᠨ ᠨᠠᠷᠢᠯᠢᠬᠵᠢᠭᠤᠯᠵᠤ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠲᠥᠷᠥᠯ ᠵᠦᠢᠯ ᠢ ᠡᠷᠲᠡ ᠪᠠᠶᠢᠭᠤᠯᠵᠤ᠂ ᠡᠷᠲᠡ ᠠᠰᠢᠭᠯᠠᠯᠲᠠ ᠳᠤ ᠣᠷᠣᠭᠤᠯᠵᠤ᠂ ᠡᠷᠲᠡ ᠦᠷ᠎ᠡ ᠪᠦᠲᠦᠮᠵᠢ ᠤᠯᠬᠤ ᠶᠢ ᠬᠦᠴᠦᠯᠡᠨ ᠠᠬᠢᠭᠤᠯᠵᠤ᠂ ᠠᠵᠤ ᠠᠬᠤᠶ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠪᠠ᠃      ᠡᠨᠡ ᠵᠢᠯ ᠨᠡᠶᠢᠲᠡ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ 105 ᠬᠤᠪᠢ ᠲᠣᠬᠢᠷᠠᠭᠤᠯᠵᠤ᠂ ᠶᠡᠷᠦᠩᠬᠡᠶ ᠪᠡᠯᠡ ᠣᠷᠣᠭᠤᠯᠤᠯᠲᠠ ᠨᠢ 110.5 ᠳ᠋ᠦᠩᠰᠢᠭᠤᠷ ᠲᠥᠭᠦᠷᠢᠭ ᠪᠠᠶᠢᠵᠤ᠂ ᠵᠢᠯ ᠳᠤ 42 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ 74 ᠰᠢᠨ᠎ᠡ ᠪᠠᠷ ᠪᠠᠶᠢᠭᠤᠯᠬᠤ ᠲᠥᠷᠥᠯ ᠵᠦᠢᠯ᠂ 31 ᠦᠷᠭᠦᠯᠵᠢᠯᠡᠨ ᠪᠠᠶᠢᠭᠤᠯᠬᠤ ᠲᠥᠷᠥᠯ ᠵᠦᠢᠯ ᠢ ᠪᠠᠭᠲᠠᠭᠠᠨ᠎ᠠ᠃ ᠣᠳᠣᠬᠠᠨ ᠳᠤ ᠨᠢᠭᠡᠨᠲᠡ 34.17 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 81 % ᠪᠠᠷ ᠨᠡᠮᠡᠭᠳᠡᠪᠡ᠃      ᠡᠪᠦᠯ ᠤᠨ ᠤᠯᠠᠷᠢᠯ ᠬᠦᠷᠴᠦ ᠢᠷᠡᠵᠦ᠂ ᠡᠯ᠎ᠡ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠡᠴᠦᠰ ᠤᠨ ᠱᠠᠲᠤᠨ ᠳᠤ ᠣᠷᠣᠪᠠ᠃ ᠥᠪᠥᠷ ᠮᠣᠩᠭᠤᠯ ᠤᠨ ᠷᠦᠩ ᠭᠤᠸᠠᠨ ᠳᠡ ᠦᠯᠡᠳᠡᠭᠳᠡᠯ ᠬᠦᠳᠡᠷ ᠤᠨ ᠬᠥᠮᠥᠷᠭᠡ ᠶᠢᠨ ᠲᠦᠷᠦᠯ ᠵᠦᠢᠯ ᠨᠢ ᠨᠢᠭᠡᠨᠲᠡ ᠦᠯᠡᠳᠡᠭᠳᠡᠯ ᠬᠦᠳᠡᠷ ᠤᠨ ᠬᠠᠰᠢᠯᠭ᠎ᠠ ᠶᠢ ᠵᠡᠷᠭᠡᠯᠡᠬᠦ᠂ ᠬᠥᠮᠥᠷᠭᠡ ᠶᠢᠨ ᠢᠷᠣᠭᠠᠷ ᠤᠨ ᠤᠰᠤ ᠰᠡᠷᠭᠡᠶᠢᠯᠡᠬᠦ ᠪᠦᠷᠬᠦᠪᠴᠢ ᠶᠢ ᠳᠡᠪᠢᠰᠬᠦ ᠵᠢᠴᠢ ᠤᠰᠤ ᠨᠡᠪᠴᠢᠬᠦ ᠬᠤᠳᠳᠤᠭ ᠪᠣᠯᠤᠨ ᠤᠰᠤᠨ ᠴᠥᠭᠦᠷᠥᠮ ᠢ ᠪᠠᠶᠢᠭᠤᠯᠬᠤ ᠶᠢ ᠪᠡᠶᠡᠯᠡᠭᠦᠯᠵᠦ᠂ ᠭᠤᠣᠯ ᠴᠣᠭᠴᠠ ᠶᠢᠨ ᠪᠠᠷᠢᠯᠭ᠎ᠠ ᠶᠢ ᠦᠨᠳᠦᠰᠦᠨ ᠳᠡᠭᠡᠨ ᠳᠠᠭᠤᠰᠬᠠᠵᠤ᠂ ᠪᠠᠷᠤᠭ 8000 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ ᠲᠣᠰ ᠲᠥᠷᠥᠯ ᠵᠦᠢᠯ ᠨᠢ ᠮᠠᠨ ᠤ ᠬᠤᠲᠠ ᠶᠢᠨ ᠬᠤᠶᠠᠳᠤᠭᠠᠷ ᠲᠥᠷᠥᠯ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠭᠠᠳᠠᠭᠰᠢᠯᠠᠭᠤᠯᠬᠤ ᠲᠠᠯᠠᠪᠠᠶ ᠶᠢᠨ ᠬᠤᠭᠤᠰᠣᠨ ᠢ ᠨᠥᠬᠦᠪᠥᠷᠢᠯᠡᠵᠦ᠂ ᠠᠵᠤ ᠦᠢᠯᠡᠳᠪᠦᠷᠢ ᠶᠢᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠪᠠ ᠬᠤᠲᠠ ᠶᠢᠨ ᠣᠷᠴᠢᠨ ᠲᠣᠭᠤᠷᠢᠨ ᠢ ᠬᠠᠮᠠᠭᠠᠯᠠᠬᠤ ᠳᠤ ᠬᠦᠴᠦᠨ ᠨᠡᠮᠡᠷᠢᠯᠡᠪᠡ᠃      ᠣᠳᠣᠬᠠᠨ ᠪᠣᠯᠲᠠᠯ᠎ᠠ᠂ ᠬᠢᠲᠠᠳ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠠᠰᠠᠷ᠂ ᠳᠥᠷᠪᠡᠳᠦᠭᠡᠷ ᠪᠠᠭ᠎ᠠ ᠰᠤᠷᠭᠠᠭᠤᠯᠢ ᠶᠢ ᠨᠡᠭᠦᠯᠭᠡᠨ ᠰᠢᠨ᠎ᠡ ᠪᠠᠷ ᠪᠠᠶᠢᠭᠤᠯᠬᠤ᠂ ᠯᠦᠩ ᠶᠤᠸᠠᠨ ᠣᠯᠠᠨ ᠤᠯᠤᠰ ᠤᠨ ᠪᠠᠭᠤᠳᠠᠯ᠂ ᠪᠣᠭᠤᠮᠲᠠ ᠶᠢᠨ ᠠᠶᠤᠯᠲᠠᠶ ᠬᠢᠮᠢ ᠶᠢᠨ ᠪᠣᠳᠠᠰ ᠵᠢᠴᠢ ᠠᠶᠤᠯᠲᠠᠶ ᠳᠡᠯᠪᠡᠷᠡᠯᠲᠡ ᠶᠢᠨ ᠪᠣᠳᠠᠰ ᠤᠨ ᠣᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠳᠠᠮᠵᠢᠭᠤᠯᠤᠨ ᠲᠡᠭᠡᠭᠡᠪᠦᠷᠢᠯᠡᠬᠦ ᠲᠣᠭᠤᠷᠢᠭ᠂ ᠮᠧᠩ ᠨᠧᠩ 150 ᠲᠦᠮᠡᠨ ᠺᠢᠯᠣᠸᠠᠲ ᠤᠨ ᠰᠠᠯᠬᠢ ᠪᠠᠷ ᠬᠠᠳᠠᠭᠠᠯᠠᠬᠤ ᠵᠡᠷᠭᠡ ᠭᠤᠤᠯᠳᠠᠯᠭ᠎ᠠ ᠲᠠᠢ ᠲᠥᠷᠥᠯ ᠵᠦᠢᠯ ᠢ ᠴᠥᠮ ᠵᠢᠯ ᠤᠨ ᠡᠬᠢᠨ ᠤ ᠬᠠᠷᠠᠯᠲᠠ ᠶᠣᠰᠣᠭᠠᠷ ᠯᠠᠪᠳᠠᠭᠤᠨ ᠢᠶᠠᠷ ᠠᠬᠢᠭᠤᠯᠪᠠ᠃ ᠲᠦᠷᠦᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠶᠠᠭᠠᠷᠠᠯᠲᠠᠢ ᠡᠮᠬᠢ ᠳᠢᠭᠯᠢᠮ ᠲᠠᠢ ᠪᠠᠶᠢᠵᠤ᠂ ᠪᠠᠷᠢᠯᠭ᠎ᠠ ᠶᠢᠨ ᠭᠤᠣᠯ ᠴᠣᠭᠴᠠ ᠬᠤᠶᠢᠨ᠎ᠠ ᠬᠤᠶᠢᠨ᠎ᠠ ᠠᠴᠠ ᠪᠠᠨ ᠬᠥᠭᠵᠢᠨ ᠮᠠᠨᠳᠤᠵᠤ᠂ ᠰᠢᠨ᠎ᠡ ᠲᠠᠪᠴᠠᠩ ᠤᠨ ᠠᠴᠢᠶᠠᠯᠠᠪᠤᠷᠢ ᠠᠩᠬ᠎ᠠ ᠢᠯᠡᠷᠡᠵᠡᠢ᠃      ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠭᠤᠤᠯᠳᠠᠯᠭ᠎ᠠ ᠲᠠᠢ ᠲᠥᠷᠥᠯ ᠵᠦᠢᠯ ᠤᠨ ᠬᠠᠷᠢᠭᠤᠴᠠᠯᠭᠠᠲᠠᠨ ᠰᠢᠤᠢ ᠰᠢᠨ᠄ ︽ᠣᠳᠣᠬᠠᠨ ᠳᠤ᠂ ᠮᠠᠨ ᠤ ᠬᠤᠲᠠ ᠶᠢᠨ ᠭᠤᠤᠯᠳᠠᠯᠭ᠎ᠠ ᠲᠠᠢ ᠲᠥᠷᠥᠯ ᠵᠦᠢᠯ ᠢ ᠴᠥᠮ ᠲᠥᠯᠥᠪᠯᠡᠭᠡ ᠶᠣᠰᠣᠭᠠᠷ ᠡᠮᠬᠢ ᠵᠢᠷᠤᠮ ᠲᠠᠢ ᠠᠬᠢᠭᠤᠯᠵᠤ ᠪᠠᠶᠢᠨ᠎ᠠ᠃ ᠡᠯ᠎ᠡ ᠲᠦᠷᠦᠯ ᠵᠦᠢᠯ ᠡᠪᠦᠯ ᠤᠨ ᠤᠯᠠᠷᠢᠯ ᠠᠴᠠ ᠡᠮᠦᠨ᠎ᠡ ᠪᠠᠷᠢᠯᠭ᠎ᠠ ᠶᠢᠨ ᠬᠤᠭᠤᠴᠠᠭ᠎ᠠ ᠶᠢ ᠵᠠᠪᠳᠤᠵᠤ᠂ ᠠᠬᠢᠴᠠ ᠶᠢ ᠲᠦᠷᠭᠡᠳᠭᠡᠨ᠎ᠠ᠃ ᠡᠭᠦᠨ ᠤ ᠬᠠᠮᠲᠤ᠂ ᠪᠢᠳᠡ ᠨᠥᠬᠦᠴᠡᠯ ᠲᠠᠢ ᠲᠥᠷᠥᠯ ᠵᠦᠢᠯ ᠤᠨ ᠡᠪᠦᠯ ᠤᠷᠤᠭᠰᠠᠨ ᠤ ᠳᠠᠷᠠᠭᠠᠬᠢ ᠲᠣᠨᠤᠭ ᠲᠥᠬᠦᠭᠡᠷᠦᠮᠵᠢ ᠤᠭᠰᠠᠷᠠᠬᠤ ᠪᠠ ᠬᠡᠷ ᠳᠣᠲᠣᠷᠠᠬᠢ ᠵᠠᠰᠠᠯ ᠴᠢᠮᠡᠭᠯᠡᠯ ᠤᠨ ᠠᠵᠢᠯ ᠢ ᠥᠷᠨᠢᠭᠦᠯᠬᠦ ᠶᠢ ᠢᠳᠡᠪᠬᠢᠲᠡᠶ ᠠᠬᠢᠭᠤᠯᠵᠤ᠂ ︿ᠨᠤᠮᠤ ᠳᠦᠭᠦᠷᠡᠩ ᠪᠠᠶᠢᠬᠤ﹀ ᠪᠠᠶᠢᠳᠠᠯ ᠢᠶᠠᠷ ᠵᠢᠯ ᠤᠨ ᠡᠴᠦᠰ ᠤᠨ ᠰᠡᠭᠦᠯ ᠬᠤᠷᠢᠶᠠᠬᠤ ᠵᠢᠴᠢ 2025 ᠣᠨ ᠤ ᠨᠢᠭᠡᠳᠦᠭᠡᠷ ᠤᠯᠠᠷᠢᠯ ᠤᠨ ᠰᠠᠶᠢᠨ ᠡᠬᠢᠯᠡᠯᠲᠡ ᠲᠠᠢ ᠪᠣᠯᠬᠤ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠡ︾ ᠭᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号