ᠪᠥᠬᠦ ᠠᠶᠢᠮᠠᠭ ᠤᠨ ᠠᠩᠬᠠᠳᠠᠭᠴᠢ ᠤᠮᠠᠷᠠᠲᠤ ᠬᠢᠯᠢ ᠶᠢᠨ ᠶᠦᠨ ᠶᠣᠣ ᠳᠠᠭᠠᠭᠤᠯᠢ ᠣᠳᠣᠨ ᠤ ᠬᠤᠪᠢᠶᠠᠷᠢ ᠲᠥᠪ ᠢ ᠮᠠᠨ ᠤ ᠬᠤᠲᠠ ᠳᠤ ᠡᠬᠢᠯᠡᠨ ᠬᠡᠷᠡᠭᠯᠡᠭᠰᠡᠨ
ᠨᠡᠶᠢᠲᠡᠯᠡᠭᠰᠡᠨ ᠴᠠᠭ᠄
2024/11/25
ᠤᠷᠴᠢᠭᠤᠯᠤᠠᠠᠴᠢ᠄  ᠪᠦᠷᠢᠩᠭᠤᠸ᠎ᠠᠤᠳᠤᠷᠢᠳᠬᠠᠯ᠄           ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠭᠠᠵᠠᠷ ᠵᠦᠢ ᠶᠢᠨ ᠮᠡᠳᠡᠭᠡ ᠵᠠᠩᠭᠢ ᠶᠢᠨ ᠲᠥᠪ ᠤᠨ ᠡᠷᠬᠡ ᠣᠯᠭᠤᠯᠲᠠ ᠪᠠᠷ᠂ ᠤᠮᠠᠷᠠᠲᠤ ᠬᠢᠯᠢ ᠶᠢᠨ ᠶᠦᠨ ᠶᠣᠣ ᠡᠷᠢᠶᠡᠨ ᠬᠤᠲᠠ ᠶᠢᠨ ᠳᠠᠭᠠᠭᠤᠯᠢ ᠣᠳᠣᠨ ᠤ ᠬᠤᠪᠢᠶᠠᠷᠢ ᠲᠥᠪ ᠢ ᠡᠬᠢᠯᠡᠨ ᠬᠡᠷᠡᠭᠯᠡᠪᠡ᠃ ᠮᠠᠨ ᠤ ᠬᠤᠲᠠ ᠪᠥᠬᠦ ᠠᠶᠢᠮᠠᠭ ᠤᠨ ᠤᠮᠠᠷᠠᠲᠤ ᠬᠢᠯᠢ ᠶᠢᠨ ᠶᠦᠨ ᠶᠣᠣ ᠳᠠᠭᠠᠭᠤᠯᠢ ᠣᠲᠣ ᠶᠢ ᠬᠡᠷᠡᠭᠯᠡᠨ ᠪᠠᠶᠢᠭᠠᠯᠢ ᠶᠢᠨ ᠬᠢᠨᠠᠨ ᠬᠡᠮᠵᠢᠯᠲᠡ ᠬᠢᠭᠰᠡᠨ ᠠᠩᠬᠠᠳᠠᠭᠴᠢ ᠭᠠᠵᠠᠷ ᠣᠷᠣᠨ ᠪᠣᠯᠤᠭᠰᠠᠨ ᠪᠠᠶᠢᠨ᠎ᠠ᠃ ᠲᠠᠶᠢᠯᠪᠦᠷᠢ᠄           ᠤᠮᠠᠷᠠᠲᠤ ᠬᠢᠯᠢ ᠶᠢᠨ ᠶᠦᠨ ᠶᠣᠣ ᠡᠷᠢᠶᠡᠨ ᠬᠤᠲᠠ ᠶᠢᠨ ᠳᠠᠭᠠᠭᠤᠯᠢ ᠣᠳᠣᠨ ᠤ ᠬᠤᠪᠢᠶᠠᠷᠢ ᠲᠥᠪ ᠨᠢ ︽ᠥᠪᠥᠷ ᠮᠣᠩᠭᠤᠯ ᠨᠢᠭᠡ  ᠨᠤᠮᠧᠷᠳᠦ︾  ᠭᠡᠷᠡᠯ ᠤᠨ ᠤᠬᠠᠭᠠᠨ ᠤ ᠠᠯᠤᠰ ᠰᠡᠷᠡᠯ ᠤᠨ ᠳᠠᠭᠠᠭᠤᠯᠢ ᠣᠳᠣᠨ ᠳᠤ ᠲᠦᠰᠢᠭᠯᠡᠵᠦ᠂ ︽ᠲᠤᠭ᠎ᠠ ᠪᠠᠷᠢᠮᠲᠠ  ᠂ ᠮᠡᠷᠭᠡᠵᠢᠯ  ᠂ ᠦᠢᠯᠡᠴᠢᠯᠡᠭᠡ︾ ᠶᠢᠨ ᠵᠠᠭᠪᠤᠷ ᠢ ᠠᠪᠴᠤ᠂ ᠵᠢᠷᠤᠭ ᠳᠦᠷᠰᠦ ᠶᠢᠨ ᠡᠬᠢ ᠪᠠᠶᠠᠯᠢᠭ ᠢ ᠠᠰᠢᠭᠯᠠᠨ ᠠᠭᠤᠷᠬᠠᠢ ᠶᠢᠨ ᠣᠷᠣᠨ ᠤ ᠵᠠᠭᠠᠭ ᠳᠠᠪᠠᠭᠰᠠᠨ ᠰᠡᠵᠢᠭᠯᠡᠯᠲᠡᠢ ᠰᠦᠪᠡᠭᠴᠢ ᠶᠢ ᠰᠦᠯᠵᠢᠶᠡᠨ ᠳᠡᠭᠡᠷ᠎ᠡ ᠵᠢᠷᠤᠭᠯᠠᠵᠤ᠂ ᠬᠠᠷᠢᠶ᠎ᠠ ᠣᠷᠣᠨ ᠤ ᠭᠠᠵᠠᠷ ᠰᠢᠷᠣᠢ ᠳᠤ ︽AI ᠪᠤᠯᠤᠨ ᠠᠯᠤᠰ ᠰᠡᠷᠡᠯ ᠤᠨ ᠮᠡᠷᠭᠡᠵᠢᠯ︾ ᠢ ᠪᠡᠶᠡᠯᠡᠭᠦᠯᠵᠦ᠂ ᠰᠢᠨ᠎ᠡ ᠪᠠᠷ ᠨᠡᠮᠡᠭᠳᠡᠭᠰᠡᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠤᠪᠢᠷᠠᠯᠲᠠ ᠶᠢᠨ ᠵᠢᠷᠤᠭ ᠢ ᠭᠠᠷᠭᠠᠨ ᠠᠪᠤᠪᠠᠯ᠂ ᠭᠠᠵᠠᠷ ᠤᠨ ᠪᠠᠶᠢᠴᠠ ᠭᠠᠵᠠᠷ ᠤᠨ ᠭᠠᠳᠠᠷᠭᠤ᠂ ᠤᠷᠭᠤᠮᠠᠯ ᠤᠨ  ᠤᠷᠭᠤᠴᠠ ᠶᠢᠨ ᠪᠦᠷᠬᠦᠴᠡ᠂ ᠭᠠᠵᠠᠷ ᠰᠢᠷᠣᠢ ᠶᠢᠨ ᠠᠰᠢᠭᠯᠠᠯᠲᠠ ᠶᠢᠨ ᠪᠠᠶᠢᠳᠠᠯ ᠵᠡᠷᠭᠡ ᠵᠠᠩᠭᠢᠯᠠᠭ᠎ᠠ ᠶᠢᠨ ᠮᠡᠳᠡᠭᠡ ᠵᠠᠩᠭᠢ ᠶᠢ  ᠢᠯᠡᠷᠡᠭᠦᠯᠵᠦ᠂ ᠲᠠᠷᠢᠶᠠᠨ ᠭᠠᠵᠠᠷ ᠢ ᠬᠠᠮᠠᠭᠠᠯᠠᠬᠤ᠂ ᠠᠭᠤᠷᠬᠠᠢ ᠶᠢᠨ ᠵᠠᠭᠠᠭ ᠳᠠᠪᠠᠭᠰᠠᠨ ᠬᠢᠨᠠᠨ ᠬᠠᠮᠢᠶᠠᠷᠤᠯᠲᠠ᠂ ᠲᠤᠰᠠᠯᠠᠬᠤ ᠭᠠᠵᠠᠷ ᠰᠢᠷᠣᠢ ᠶᠢᠨ ᠬᠢᠨᠠᠨ ᠵᠥᠪᠰᠢᠶᠡᠷᠡᠯ ᠵᠡᠷᠭᠡ ᠲᠠᠯ᠎ᠠ ᠪᠠᠷ ᠦᠢᠯᠡᠳᠦᠯ ᠦᠵᠡᠭᠦᠯᠬᠦ ᠪᠣᠯᠣᠨ᠎ᠠ᠃           ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ  ᠲᠤᠪᠴᠢᠶᠠᠨ ᠤ ᠠᠰᠢᠭᠯᠠᠯᠲᠠ ᠶᠢᠨ ᠰᠠᠯᠠᠭᠠᠨ ᠤ ᠬᠠᠷᠢᠭᠤᠴᠠᠯᠭᠠᠲᠠᠨ ᠵᠠᠩ ᠶᠦᠩ ᠹᠦ᠋᠄      ᠲᠠᠷᠠᠭᠠᠴᠢ ᠶᠢᠨ ᠠᠯᠬᠤᠮ ᠳᠤ᠂ ᠪᠢᠳᠡ ᠳᠠᠭᠠᠭᠤᠯᠢ ᠣᠳᠣᠨ ᠤ ᠬᠡᠷᠡᠭᠯᠡᠭᠡᠨ ᠤ ᠲᠠᠪᠴᠠᠩ ᠳᠡᠭᠡᠷ᠎ᠡ ᠪᠠᠶᠢᠭᠠᠯᠢ ᠶᠢᠨ ᠡᠬᠢ ᠪᠠᠶᠠᠯᠢᠭ ᠤᠨ ᠲᠤᠬᠠᠶᠢᠯᠠᠭᠰᠠᠨ ᠠᠵᠢᠯ ᠤᠨ ᠬᠡᠷᠡᠭᠯᠡᠭᠡᠨ ᠤ ᠰᠢᠰᠲ᠋ᠧᠮ ᠢ ᠨᠡᠭᠡᠭᠡᠨ ᠬᠥᠭᠵᠢᠭᠦᠯᠵᠦ᠂ ᠭᠠᠵᠠᠷ ᠰᠢᠷᠣᠢ ᠶᠢᠨ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠬᠠᠮᠲᠤ᠂ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠭᠠᠯ ᠤᠨᠲᠠᠷᠠᠭᠠᠵᠤ ᠮᠠᠯᠵᠢᠬᠤ ᠶᠢ ᠵᠣᠭᠰᠤᠭᠠᠬᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠮᠢᠶᠠᠷᠤᠯᠲᠠ ᠵᠡᠷᠭᠡ ᠲᠠᠪᠴᠠᠩ ᠢ ᠠᠭᠤᠰᠤᠯᠴᠠᠭᠤᠯᠤᠨ᠂ ᠡᠷᠴᠢᠮᠵᠢᠭᠦᠯᠦᠭᠰᠡᠨ ᠬᠢᠨᠠᠨ ᠬᠠᠮᠢᠶᠠᠷᠬᠤ ᠰᠢᠰᠲ᠋ᠧᠮ ᠤᠨ ᠲᠠᠪᠴᠠᠩ ᠢ ᠪᠣᠶ ᠪᠣᠯᠭᠠᠵᠤ᠂ ᠦᠢᠯᠡᠴᠢᠯᠡᠭᠡᠨ ᠤ ᠠᠷᠪᠢᠯᠠᠨ ᠭᠠᠮᠨᠠᠬᠤ ᠥᠪᠡᠷ ᠤᠨ ᠥᠷᠲᠡᠭ ᠢ ᠰᠢᠯᠢᠳᠡᠭᠵᠢᠭᠦᠯᠦᠨ᠂ ᠡᠷᠢᠶᠡᠨ ᠪᠣᠭᠤᠮᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠶᠢᠨ ᠬᠢᠷᠢ ᠲᠦᠪᠰᠢᠨ ᠢ ᠲᠡᠭᠡᠭᠰᠢᠯᠡᠭᠦᠯᠬᠦ ᠪᠤᠯᠤᠨ᠎ᠠ᠃           ᠣᠲᠣ ᠪᠣᠯᠲᠠᠯ᠎ᠠ᠂ ᠤᠮᠠᠷᠠᠲᠤ ᠬᠢᠯᠢ ᠶᠢᠨ ᠶᠦᠨ ᠶᠣᠣ ᠡᠷᠢᠶᠡᠨ ᠬᠤᠲᠠ ᠶᠢᠨ ᠳᠠᠭᠠᠭᠤᠯᠢ ᠣᠳᠣᠨ ᠤ ᠬᠤᠪᠢᠶᠠᠷᠢ ᠲᠥᠪ ᠲᠤ ᠨᠢᠭᠡᠨᠲᠡ 2 ᠤᠳᠠᠭ᠎ᠠ ︽ᠪᠢᠴᠢᠯ ᠹᠢᠯᠢᠮ ᠢᠶᠠᠷ ᠬᠠᠤᠯᠢ ᠬᠡᠷᠡᠭᠵᠢᠭᠦᠯᠬᠦ︾ ᠠᠵᠢᠯᠯᠠᠭ᠎ᠠ ᠥᠷᠨᠢᠭᠦᠯᠵᠦ᠂ 36 ᠬᠡᠰᠡᠭ ᠭᠠᠵᠠᠷ ᠢ  ᠬᠢᠨᠠᠨ ᠬᠡᠮᠵᠢᠪᠡ᠃
 
ᠢᠷᠡᠯᠲᠡ᠄ ᠡᠷᠢᠶᠡᠨ ᠬᠤᠳᠠ ᠶᠢᠨ ᠬᠠᠮ ᠵᠠᠭᠤᠴᠢᠯᠠᠭᠤᠷ ᠤᠨ ᠳᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号