| ᠰᠤᠷᠪᠤᠯᠵᠢᠯᠠᠭᠴᠢ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ︵ᠪᠣᠭᠤᠮᠲᠠ ᠶᠢᠨ ᠠᠯᠪᠠᠨ ᠭᠡᠷ︶ | ᠠᠴᠠ ᠣᠶᠢᠯᠠᠭᠠᠭᠰᠠᠨ ᠢᠶᠠᠷ᠂ 11 ᠰᠠᠷ᠎ᠠ ᠶᠢᠨ 24 ᠤ ᠡᠳᠦᠷ ᠪᠣᠯᠲᠠᠯ᠎ᠠ᠂ ᠡᠷᠢᠶᠡᠨ ᠪᠣᠭᠤᠮᠲᠠ ᠶᠢᠨ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭ᠎ᠠ ᠶᠢᠨ ᠲᠡᠭᠡᠭᠡᠪᠦᠷᠢ ᠶᠢᠨ ᠬᠡᠮᠵᠢᠶ᠎ᠡ ᠶᠢ 1928. | 38 ᠲᠦᠮᠡᠨ ᠲᠤᠨ ᠪᠡᠶᠡᠯᠡᠭᠦᠯᠵᠦ᠂ 37 ᠡᠳᠦᠷ ᠤᠷᠢᠳᠴᠢᠯᠠᠨ ᠨᠢᠳᠤᠨᠤᠨ ᠤ ᠪᠦᠬᠦ ᠵᠢᠯ ᠤᠨ ᠲᠡᠭᠡᠭᠡᠪᠦᠷᠢ ᠶᠢᠨ | ᠬᠡᠮᠵᠢᠶ᠎ᠡ ᠶᠢ ᠳᠠᠪᠠᠪᠠ᠃ ᠡᠭᠦᠨ ᠳᠤ ᠲᠡᠮᠦᠷ ᠵᠠᠮ ᠤᠨ ᠪᠣᠭᠤᠮᠲᠠ ᠨᠢ 1569.23 ᠲᠦᠮᠡᠨ ᠲᠣᠨ ᠢ ᠪᠡᠶᠡᠯᠡᠭᠦᠯᠵᠦ᠂ | ᠠᠳᠠᠯᠢ ᠬᠤᠭᠤᠴᠠᠭᠠᠨ ᠤ ᠬᠢ ᠠᠴᠠ 1.6% ᠪᠠᠷ ᠨᠡᠮᠡᠭᠳᠡᠪᠡ︔ ᠵᠠᠰᠠᠮᠠᠯ ᠵᠠᠮ ᠤᠨ ᠪᠣᠭᠤᠮᠲᠠ ᠳᠤ 359.15 | ᠲᠦᠮᠡᠨ ᠲᠣᠨ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 69.7% ᠪᠠᠷ ᠨᠡᠮᠡᠭᠳᠡᠪᠡ᠃ | | | | | ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ ᠡᠷᠢᠶᠡᠨ ᠬᠤᠳᠠ ᠠᠴᠠ ᠮᠣᠷᠳᠠᠪᠠ | | ᠡᠪᠦᠯ ᠤᠨ ᠡᠬᠢᠨ ᠤ ᠡᠷᠢᠶᠡᠨ ᠪᠣᠭᠤᠮᠲᠠ ᠬᠡᠳᠦ᠋ᠢᠪᠡᠷ ᠬᠦᠢᠲᠡᠨ ᠠᠭᠤᠷ ᠠᠮᠢᠰᠬᠤᠯ ᠢᠶᠠᠷ ᠪᠢᠯᠬᠠᠭᠰᠠᠨ | ᠪᠣᠯᠪᠠᠴᠤ ᠶᠠᠭᠠᠷᠠᠯᠲᠠᠢ ᠪᠠᠶᠢᠳᠠᠯ ᠢᠯᠡᠷᠡᠵᠦ᠂ ᠨᠡᠭᠦᠷᠡᠰᠦ᠂ ᠬᠠᠶᠢᠯᠤᠭᠤᠷ ᠵᠣᠩᠰᠢ᠂ ᠲᠡᠮᠦᠷ ᠤᠨ ᠬᠦᠳᠡᠷ᠂ ᠵᠢᠮᠢᠰ | ᠨᠣᠭᠤᠭ᠎ᠠ ᠵᠡᠷᠭᠡ ᠡᠳ᠋ ᠪᠠᠷᠠᠭ᠎ᠠ ᠶᠢ ᠳᠦᠭᠦᠷᠲᠡᠯ᠎ᠡ ᠲᠡᠭᠡᠭᠡᠭᠰᠡᠨ ᠪᠠᠷᠠᠭᠠᠨ ᠤ ᠲᠡᠷᠭᠡ ᠳᠠᠷᠠᠭᠠᠯᠠᠨ ᠪᠣᠭᠤᠮᠲᠠ ᠪᠠᠷ | ᠥᠩᠭᠡᠷᠡᠪᠡ᠃ ᠡᠷᠢᠶᠡᠨ ᠬᠤᠲᠠ ᠨᠢ ᠮᠠᠨ ᠤ ᠤᠯᠤᠰ ᠤᠨ ᠮᠣᠩᠭᠤᠯ ᠤᠯᠤᠰ ᠲᠤ ᠨᠡᠭᠡᠭᠡᠬᠦ ᠶᠡᠷᠦᠩᠬᠡᠶᠢᠯᠡᠭᠰᠡᠨ | ᠴᠢᠨᠠᠷᠲᠠᠢ ᠵᠠᠩᠭᠢᠯᠠᠭ᠎ᠠ ᠶᠢᠨ ᠪᠣᠭᠤᠮᠲᠠ ᠬᠤᠲᠠ ᠪᠣᠯᠤᠭᠰᠠᠨ ᠤ ᠬᠤᠪᠢ ᠳᠤ᠂ ᠮᠣᠩᠭᠤᠯ ᠤᠯᠤᠰ ᠤᠨ 70% ᠠᠴᠠ | ᠳᠡᠭᠡᠭᠰᠢᠬᠢ ᠡᠳᠦᠷ ᠳᠣᠳᠣᠮ ᠤᠨ ᠬᠡᠷᠡᠭᠰᠡᠯ ᠪᠣᠯᠤᠨ 80% ᠶᠢᠨ ᠵᠢᠮᠢᠰ ᠨᠣᠭᠤᠭ᠎ᠠ ᠶᠢ ᠬᠠᠭᠤᠷᠠᠢ ᠵᠠᠮ ᠢᠶᠠᠷ | ᠣᠷᠣᠭᠤᠯᠵᠤ ᠲᠡᠭᠡᠭᠡᠪᠦᠷᠢᠯᠡᠬᠦ ᠡᠭᠦᠷᠭᠡ ᠶᠢ ᠡᠭᠦᠷᠭᠡᠯᠡᠵᠦ ᠪᠠᠶᠢᠨ᠎ᠠ᠃ ᠡᠨᠡ ᠵᠢᠯ ᠤᠨ ᠵᠠᠰᠠᠮᠠᠯ ᠵᠠᠮ ᠤᠨ ᠪᠣᠭᠤᠮᠲᠠ ᠶᠢᠨ | ᠪᠠᠷᠠᠭᠠᠨ ᠤ ᠲᠡᠭᠡᠭᠡᠪᠦᠷᠢ ᠶᠢᠨ ᠵᠠᠮ ᠳᠤ 6 ᠰᠠᠷ᠎ᠠ 24 ᠴᠠᠭ ᠤᠨ ᠪᠣᠭᠤᠮᠲᠠ ᠪᠠᠷ ᠥᠩᠭᠡᠷᠡᠬᠦ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠵᠦ᠂ ᠬᠢᠯᠢ ᠪᠠᠷ ᠣᠷᠣᠵᠤ ᠭᠠᠷᠬᠤ ᠲᠡᠷᠭᠡ ᠬᠥᠰᠬᠡ ᠶᠢᠨ ᠨᠡᠮᠡᠭᠳᠡᠯ ᠤᠨ ᠬᠡᠮᠵᠢᠶ᠎ᠡ ᠢᠯᠡᠳᠲᠡ | ᠪᠣᠯᠵᠣ᠂ ᠡᠳᠦᠷ ᠪᠦᠷᠢ ᠳᠤᠮᠳᠠᠴᠢ ᠪᠠᠷ 1000 ᠭᠠᠷᠤᠶ ᠪᠠᠷᠠᠭᠠᠨ ᠤ ᠲᠡᠷᠭᠡ ᠬᠥᠰᠬᠡ ᠶᠢ ᠪᠠᠶᠢᠴᠠᠭᠠᠨ ᠭᠠᠷᠭᠠᠵᠤ᠂ | ᠲᠠᠩ ᠡᠳᠦᠷ ᠤᠨ ᠬᠠᠮᠤᠭ ᠤᠨ ᠥᠨᠳᠣ᠋ᠷ ᠰᠢᠯᠭᠠᠨ ᠪᠠᠶᠢᠴᠠᠭᠠᠯᠲᠠ 1478 ᠲᠡᠷᠭᠡ ᠤᠳᠠᠭ᠎ᠠ ᠶᠢ ᠥᠩᠭᠡᠷᠡᠭᠡᠭᠰᠡᠨ | ᠪᠠᠶᠢᠨ᠎ᠠ᠃ | | | | | ᠡᠷᠢᠶᠡᠨ ᠬᠤᠲᠠ ᠶᠢᠨ ᠵᠠᠰᠠᠮᠠᠯ ᠵᠠᠮ ᠤᠨ ᠪᠠᠷᠠᠭᠠᠨ ᠤ ᠲᠡᠭᠡᠭᠡᠪᠦᠷᠢ ᠶᠢᠨ ᠪᠣᠭᠤᠮᠲᠠ ᠶᠠᠭᠠᠷᠠᠯᠲᠠᠢ ᠪᠠᠶᠢᠳᠠᠯ ᠢᠯᠡᠷᠡᠵᠡᠢ | | ᠨᠡᠭᠡᠭᠡᠯᠲᠡ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠣᠭᠤᠮᠲᠠ ᠪᠠᠷ ᠥᠩᠭᠡᠷᠡᠬᠦ | ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠳᠣᠯᠠᠳᠠ᠂ ᠡᠷᠢᠶᠡᠨ ᠪᠣᠭᠤᠮᠲᠠ ᠶᠢᠨ ᠬᠢᠨ ︽ᠲᠠᠯᠪᠢᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠶᠠᠪᠤᠴᠠ ᠶᠢ ᠰᠢᠯᠢᠳᠡᠭᠵᠢᠭᠦᠯᠦᠨ᠂ ᠦᠷ᠎ᠡ | ᠪᠦᠲᠦᠮᠵᠢ ᠶᠢ ᠳᠡᠭᠡᠭᠰᠢᠯᠡᠭᠦᠯᠵᠦ᠂ ᠪᠣᠭᠤᠮᠲᠠ ᠪᠠᠷ ᠥᠩᠭᠡᠷᠡᠬᠦ ᠡᠯ᠎ᠡ ᠭᠤᠭᠴᠣᠭᠠᠨ ᠤ ᠠᠵᠢᠯ ᠤᠨ ᠶᠠᠪᠤᠴᠠ ᠶᠢ | ᠬᠥᠳᠡᠯᠦᠩᠭᠦᠢ ᠪᠠᠷ ᠡᠮᠬᠢᠯᠡᠨ ᠲᠡᠭᠦᠯᠳᠡᠷᠵᠢᠭᠦᠯᠵᠦ᠂ ᠪᠣᠭᠤᠮᠲᠠ ᠪᠠᠷ ᠥᠩᠭᠡᠷᠡᠬᠦ ᠦᠢᠯᠡᠴᠢᠯᠡᠭᠡᠨ ᠤ ᠪᠠᠲᠤᠯᠠᠭ᠎ᠠ ᠶᠢᠨ | ᠠᠵᠢᠯ ᠢ ᠰᠠᠶᠢᠲᠤᠷ ᠬᠢᠵᠦ᠂ ᠮᠠᠰᠢᠨ ᠲᠡᠷᠭᠡ ᠬᠥᠮᠥᠨ ᠬᠦᠷᠦᠮᠡᠭᠴᠡ ᠪᠠᠶᠢᠴᠠᠭᠠᠵᠤ᠂ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠪᠠᠷᠠᠭ᠎ᠠ ᠶᠢ ᠲᠦᠷᠭᠡᠨ ᠥᠩᠭᠡᠷᠡᠭᠦᠯᠬᠦ ᠶᠢ ᠪᠠᠲᠤᠯᠠᠵᠤ᠂ ᠪᠣᠭᠤᠮᠲᠠ ᠪᠠᠷ ᠥᠩᠭᠡᠷᠡᠬᠦ ᠳᠤ ︽ | ᠶᠡᠭᠡ ᠪᠠᠷ ᠣᠷᠣᠵᠤ ᠶᠡᠭᠡ ᠪᠠᠷ ᠭᠠᠷᠬᠤ᠂ ᠲᠦᠷᠭᠡᠨ ᠣᠷᠣᠵᠤ ᠲᠦᠷᠭᠡᠨ ᠭᠠᠷᠬᠤ︾ ᠶᠢ ᠠᠬᠢᠭᠤᠯᠬᠤ ᠬᠡᠷᠡᠭᠲᠡᠢ᠃ | ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠪᠣᠭᠤᠮᠲᠠ ᠪᠠᠷ ᠥᠩᠭᠡᠷᠡᠬᠦ ᠶᠢ ᠵᠣᠬᠢᠴᠠᠭᠤᠯᠬᠤ | ᠰᠠᠯᠠᠭᠠᠨ ᠤ ᠳᠠᠷᠤᠭ᠎ᠠ ᠨᠠᠷᠠᠩᠭᠤᠸ᠎ᠠ ᠬᠡᠯᠡᠬᠦ ᠳᠡᠭᠡᠨ᠄ ︽ᠡᠨᠡ ᠵᠢᠯ ᠠᠴᠠ ᠨᠠᠰᠢ᠂ ᠡᠷᠢᠶᠡᠨ ᠬᠤᠲᠠ ᠶᠢᠨ | ᠪᠣᠭᠤᠮᠲᠠ ᠶᠢᠨ ᠪᠠᠷᠠᠭ᠎ᠠ ᠲᠡᠭᠡᠭᠡᠪᠦᠷᠢᠯᠡᠬᠦ ᠲᠥᠷᠥᠯ ᠵᠦᠢᠯ ᠤᠯᠠᠮ ᠠᠴᠠ ᠤᠯᠠᠮ ᠪᠠᠶᠠᠯᠢᠭᠵᠢᠵᠤ᠂ ᠣᠨᠴᠠᠭᠠᠶᠢᠯᠠᠨ | ᠬᠢᠳᠠᠳ ᠲᠤ ᠦᠢᠯᠡᠳᠪᠦᠷᠢᠯᠡᠭᠰᠡᠨ ᠮᠠᠰᠢᠨ ᠲᠡᠷᠭᠡ ︿ᠠᠶᠠᠯᠠᠬᠤ﹀ ᠪᠠᠷ ᠪᠥᠬᠦ ᠪᠥᠮᠪᠥᠷᠴᠡᠭ ᠲᠤ ᠬᠦᠷᠴᠦ᠂ ᠡᠷᠢᠶᠡᠨ | ᠪᠣᠭᠤᠮᠲᠠ ᠪᠠᠷ ᠪᠦᠬᠦᠯᠢ ᠪᠠᠷ ᠭᠠᠳᠠᠭᠠᠳᠤ ᠳᠤ ᠭᠠᠷᠭᠠᠭᠰᠠᠨ ᠤᠯᠤᠰ ᠤᠨ ᠳᠣᠳᠣᠭᠠᠳᠦ ᠶᠢᠨ ᠮᠠᠰᠢᠨ ᠲᠡᠷᠭᠡ ᠨᠢᠭᠡᠨᠲᠡ | 180 ᠭᠠᠷᠤᠶ ᠴᠤᠪᠤᠭ᠎ᠠ ᠪᠣᠯᠵᠠᠢ᠃ ᠣᠳᠣᠬᠠᠨ ᠳᠤ ᠨᠢᠭᠡᠨᠲᠡ ᠪᠦᠬᠦ ᠵᠢᠯ ᠤᠨ ᠪᠠᠷᠠᠭᠠᠨ ᠤ ᠲᠡᠭᠡᠭᠡᠪᠦᠷᠢ ᠶᠢᠨ | ᠬᠡᠮᠵᠢᠶ᠎ᠡ ᠶᠢᠨ ᠡᠭᠦᠷᠭᠡ ᠬᠠᠷᠠᠯᠲᠠ ᠶᠢᠨ 91.8% ᠶᠢ ᠪᠡᠶᠡᠯᠡᠭᠦᠯᠵᠦ᠂ ᠵᠢᠱᠢᠯᠲᠡ ᠪᠠᠷ ᠪᠦᠬᠦ ᠵᠢᠯ ᠳᠤ 2120 | ᠲᠦᠮᠡᠨ ᠲᠣᠨ ᠣᠷᠴᠢᠮ ᠬᠦᠷᠴᠦ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠬᠦ ᠪᠣᠯᠤᠮᠵᠢ ᠲᠠᠢ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠪᠢᠳᠡ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ | ᠪᠣᠭᠤᠮᠲᠠ ᠪᠠᠷ ᠥᠩᠭᠡᠷᠡᠬᠦ ᠭᠠᠷᠳᠠᠮ ᠢ ᠦᠷᠭᠦᠯᠵᠢᠯᠡᠨ ᠳᠥᠭᠦᠮᠴᠢᠯᠡᠵᠦ᠂ ᠤᠶᠤᠨᠲᠤ ᠪᠣᠭᠤᠮᠲᠠ ᠶᠢᠨ ᠪᠥᠲᠥᠭᠡᠨ | ᠪᠠᠶᠢᠭᠤᠯᠤᠯᠲᠠ ᠪᠠ ᠰᠠᠭᠤᠷᠢ ᠲᠥᠬᠦᠭᠡᠷᠦᠮᠵᠢ ᠶᠢ ᠲᠠᠰ ᠳᠡᠪᠰᠢᠭᠦᠯᠦᠨ ᠥᠭᠡᠷᠡᠴᠢᠯᠡᠬᠦ ᠶᠢ ᠠᠬᠢᠭᠤᠯᠵᠤ᠂ | ᠪᠣᠭᠤᠮᠲᠠ ᠪᠠᠷ ᠥᠩᠭᠡᠷᠡᠬᠦ ᠪᠠᠷᠠᠭᠠᠨ ᠤ ᠶᠠᠪᠤᠴᠠ ᠶᠢ ᠨᠠᠩ ᠤᠷᠤᠭᠰᠢᠲᠠᠶ᠂ ᠨᠠᠩ ᠥᠨᠳᠥᠷ ᠪᠦᠲᠦᠮᠵᠢᠲᠡᠶ ᠪᠣᠯᠭᠠᠨ᠎ᠠ︾ | ᠭᠡᠵᠦ ᠬᠡᠯᠡᠪᠡ᠃ |