ᠮᠠ ᠬᠠᠢ ᠲᠤᠤ ᠳᠤᠮᠳᠠᠳᠤ ᠤᠯᠤᠰ ᠤᠨ ᠪᠣᠭᠤᠮᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠤ ᠲᠥᠪ ᠤᠨ ᠳᠡᠳ᠋ ᠡᠷᠬᠢᠯᠡᠭᠴᠢ ᠴᠠᠩ ᠯᠢᠶᠠᠩ ᠲᠠᠢ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2024/11/27
 
   11 ᠰᠠᠷ᠎ᠠ ᠶᠢᠨ 26 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠳᠠ ᠶᠢᠨ ᠳᠠᠷᠤᠭ᠎ᠠ ᠮᠠ ᠬᠠᠢ ᠲᠤᠤ ᠳᠤᠮᠳᠠᠳᠤ ᠤᠯᠤᠰ ᠤᠨ ᠪᠣᠭᠤᠮᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠤ ᠲᠥᠪ ᠤᠨ ᠳᠡᠳ᠋ ᠡᠷᠬᠢᠯᠡᠭᠴᠢ ᠴᠠᠩ ᠯᠢᠶᠠᠩ ᠨᠡᠷ ᠲᠠᠢ ᠶᠠᠷᠢᠯᠴᠠᠪᠠ᠃     ᠬᠤᠷᠠᠯ ᠳᠡᠭᠡᠷ᠎ᠡ᠂ ᠮᠠ ᠬᠠᠢ ᠲᠤᠤ ᠮᠠᠨ ᠤ ᠬᠤᠳᠠ ᠶᠢᠨ ᠦᠨᠳᠦᠰᠦᠨ ᠪᠠᠶᠢᠳᠠᠯ᠂ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠦᠷᠦᠯ ᠵᠦᠢᠯ᠂ ᠪᠣᠭᠤᠮᠲᠠ ᠶᠢᠨ ᠬᠠᠤᠯᠢ ᠪᠠᠷ ᠲᠣᠭᠲᠠᠭᠠᠭᠰᠠᠨ ᠰᠢᠯᠭᠠᠨ ᠪᠠᠶᠢᠴᠠᠭᠠᠬᠤ ᠲᠠᠸᠠᠷ ᠵᠡᠷᠭᠡ ᠶᠢᠨ ᠲᠤᠬᠠᠢ ᠲᠠᠨᠢᠯᠴᠠᠭᠤᠯᠪᠠ᠃ ᠲᠡᠷᠡ᠂ ᠳᠤᠮᠳᠠᠳᠤ ᠤᠯᠤᠰ ᠤᠨ ᠪᠣᠭᠤᠮᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠤ ᠲᠥᠪ ᠲᠤ ᠮᠠᠰᠢ ᠰᠠᠶᠢᠨ ᠴᠢᠳᠠᠪᠤᠷᠢᠲᠠᠨ ᠤ ᠡᠬᠢ ᠪᠠᠶᠠᠯᠢᠭ ᠪᠣᠯᠤᠨ ᠲᠠᠪᠴᠠᠩ ᠤᠨ ᠳᠠᠪᠠᠭᠤᠯᠢᠭ ᠲᠠᠢ ᠪᠠᠶᠢᠵᠤ᠂ ᠬᠤᠶᠠᠷ ᠲᠠᠯ᠎ᠠ ᠪᠠᠷ ᠢᠶᠠᠨ ᠤᠯᠤᠰ ᠤᠨ ᠡᠭᠦᠳᠡᠨ ᠳᠠᠬᠢ ᠠᠮᠢᠳᠤ ᠪᠣᠳᠠᠰ ᠤᠨ ᠠᠮᠤᠷ ᠲᠦᠪᠰᠢᠨ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ᠂ ᠤᠶᠤᠨᠲᠤ ᠪᠣᠭᠤᠮᠲᠠ ᠶᠢᠨ ᠪᠠᠶᠢᠭᠤᠯᠤᠯᠲᠠ ᠵᠡᠷᠭᠡ ᠲᠠᠯ᠎ᠠ ᠪᠠᠷ ᠬᠠᠮᠲᠤᠷᠠᠯᠴᠠᠭᠠᠨ ᠤ ᠣᠷᠣᠨ ᠵᠠᠢ ᠪᠠᠨ ᠭᠦᠨᠵᠡᠭᠡᠶᠢᠷᠡᠭᠦᠯᠦᠨ ᠥᠷᠭᠡᠳᠬᠡᠵᠦ᠂ ᠭᠠᠶᠢᠯᠢ ᠶᠢᠨ ᠪᠣᠭᠤᠮᠳᠠ ᠶᠢᠨ ᠰᠢᠨᠵᠢᠯᠡᠬᠦ ᠣᠬᠠᠭᠠᠨ ᠤ ᠲᠥᠪ ᠤᠨ ᠳᠠᠪᠠᠭᠤᠯᠢᠭ ᠢ ᠠᠰᠢᠭᠯᠠᠨ᠂ ᠮᠡᠷᠭᠡᠵᠢᠯ ᠪᠣᠯᠤᠨ ᠲᠤᠬᠠᠶᠢᠯᠠᠭᠰᠠᠨ ᠠᠵᠢᠯ ᠤᠨ ᠵᠠᠭᠠᠭ ᠬᠢᠵᠠᠭᠠᠷ ᠢ ᠪᠦᠲᠦᠮᠵᠢᠲᠡᠶ ᠰᠢᠪᠲᠤᠯᠵᠤ᠂ ᠪᠠᠶᠢᠩᠭᠤᠵᠢᠭᠰᠠᠨ ᠠᠵᠢᠯ ᠤᠨ ᠬᠠᠷᠢᠯᠴᠠᠭ᠎ᠠ ᠶᠢ ᠪᠦᠷᠢᠯᠳᠦᠭᠦᠯᠦᠨ᠂ ᠡᠷᠢᠶᠡᠨ ᠪᠣᠭᠤᠮᠲᠠ ᠶᠢᠨ ᠠᠮᠢᠳᠤ ᠪᠣᠳᠠᠰ ᠤᠨ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠬᠡᠮᠵᠢᠬᠦ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠶᠤᠯ ᠲᠦᠭᠰᠢᠭᠦᠷᠢ ᠶᠢ ᠬᠠᠮᠵᠢᠯᠴᠠᠨ ᠠᠷᠭᠠᠴᠠᠭᠠᠬᠤ ᠴᠢᠳᠠᠪᠤᠷᠢ ᠶᠢ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ ᠭᠡᠵᠦ ᠬᠡᠯᠡᠪᠡ᠃     ᠴᠠᠩ ᠯᠢᠶᠠᠩ ᠳᠤᠮᠳᠠᠳᠤ ᠤᠯᠤᠰ ᠤᠨ ᠪᠣᠭᠤᠮᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠤ ᠲᠥᠪ ᠤᠨ ᠦᠨᠳᠦᠰᠦᠨ ᠪᠠᠶᠢᠳᠠᠯ᠂ ᠲᠤᠬᠠᠶᠢᠯᠠᠭᠰᠠᠨ ᠠᠵᠢᠯ ᠤᠨ ᠬᠡᠪᠴᠢᠶ᠎ᠡ ᠵᠢᠴᠢ ᠡᠭᠦᠷᠭᠡᠯᠡᠵᠦ ᠪᠠᠶᠢᠭ᠎ᠠ ᠭᠤᠣᠯ ᠠᠵᠢᠯ ᠵᠡᠷᠭᠡ ᠶᠢᠨ ᠲᠤᠬᠠᠢ ᠲᠠᠨᠢᠯᠴᠠᠭᠤᠯᠪᠠ᠃ ᠲᠡᠷᠡ᠂ ᠳᠤᠮᠳᠠᠳᠤ ᠤᠯᠤᠰ ᠤᠨ ᠪᠣᠭᠤᠮᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠤ ᠲᠥᠪ ᠠᠴᠠ ᠤᠯᠤᠰ ᠤᠨ ᠡᠭᠦᠳᠡᠨ ᠤ ᠠᠮᠢᠳᠤ ᠪᠣᠳᠠᠰ ᠤᠨ ᠠᠮᠤᠷ ᠲᠦᠪᠰᠢᠨ ᠢ ᠪᠠᠲᠤᠯᠠᠬᠤ ᠶᠢᠨ ᠲᠣᠭᠤᠷᠢᠨ ᠳᠤ ᠡᠷᠢᠶᠡᠨ ᠬᠤᠳᠠ ᠶᠢᠨ ᠪᠣᠭᠤᠮᠲᠠ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠮᠢᠲᠠᠨ ᠤ ᠬᠢᠵᠢᠭ ᠤᠨ ᠪᠠᠶᠢᠴᠠᠭᠠᠯᠲᠠ᠂ ᠤᠷᠭᠤᠮᠠᠯ ᠤᠨ ᠬᠢᠵᠢᠭ ᠤᠨ ᠪᠠᠶᠢᠴᠠᠭᠠᠯᠲᠠ᠂ ᠡᠷᠡᠭᠦᠯ ᠬᠠᠮᠠᠭᠠᠯᠠᠯ ᠤᠨ ᠬᠢᠵᠢᠭ ᠤᠨ ᠪᠠᠶᠢᠴᠠᠭᠠᠯᠲᠠ ᠵᠡᠷᠭᠡ ᠲᠠᠯ᠎ᠠ ᠪᠠᠷ ᠮᠡᠷᠭᠡᠵᠢᠯ ᠤᠨ ᠲᠤᠯᠭᠠᠭᠤᠷᠢᠯᠠᠯ ᠬᠠᠩᠭᠠᠵᠤ᠂ ᠤᠯᠤᠰ ᠤᠨ ᠠᠮᠢᠳᠤ ᠪᠣᠳᠠᠰ ᠤᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ᠂ ᠠᠷᠠᠯᠵᠢᠶᠠᠨ ᠤ ᠳᠥᠭᠦᠮᠴᠢᠯᠡᠯᠲᠡ ᠶᠢ ᠠᠬᠢᠭᠤᠯᠬᠤ ᠳᠤ ᠴᠢᠬᠤᠯᠠ ᠪᠠᠲᠤᠯᠠᠭ᠎ᠠ ᠬᠠᠩᠭᠠᠨ᠎ᠠ ᠭᠡᠵᠦ ᠢᠯᠡᠳᠬᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号