︽ᠭᠡᠷ ᠤᠨ ᠡᠭᠦᠳᠡᠨ︾  ᠳᠠᠬᠢ ᠤᠷᠤᠯᠳᠤᠭᠠᠨ ᠪᠠᠶᠠᠷ ᠬᠥᠷ ᠢᠶᠠᠷ ︽ᠳᠦᠭᠦᠷᠡᠩ︾ ᠪᠣᠯᠪᠠ
ᠨᠡᠶᠢᠲᠡᠯᠡᠭᠰᠡᠨ ᠴᠠᠭ᠄
2024/11/27
   ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠰᠣᠶᠣᠯ ᠴᠡᠩᠭᠡᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠳᠣᠯᠠᠳᠠ᠂ 11 ᠰᠠᠷ᠎ᠠ ᠶᠢᠨ 26 ᠤ ᠡᠳᠦᠷ᠂ ᠬᠤᠲᠠ ᠶᠢᠨ ᠬᠤᠶᠢᠲᠤ ᠬᠢᠯᠢ ᠶᠢᠨ ᠨᠡᠶᠢᠭᠡᠮ ᠲᠣᠭᠤᠷᠢᠭ ᠤᠨ ᠢᠳᠡᠷ ᠨᠠᠰᠤᠲᠠᠶᠢᠴᠤᠳ ᠤᠨ ᠰᠢᠲᠠᠷ᠎ᠠ ᠶᠢᠨ ᠤᠷᠤᠯᠳᠤᠭᠠᠨ ᠢ ᠡᠷᠬᠢᠯᠡᠵᠦ᠂ ᠬᠠᠷᠢᠶᠠᠲᠤ ᠣᠷᠣᠨ ᠤ ᠵᠠᠭᠤ ᠰᠢᠬᠠᠮ ᠢᠳᠡᠷ ᠥᠲᠡᠯᠦᠭᠡ ᠨᠠᠰᠤᠨ ᠤ ᠬᠦᠮᠦᠰ ᠢ ᠲᠠᠲᠠᠵᠤ ᠤᠷᠤᠯᠳᠤᠭᠠᠨ ᠳᠤ ᠣᠷᠣᠯᠴᠠᠭᠤᠯᠪᠠ᠃    
   ᠤᠷᠤᠯᠳᠤᠭᠠᠨ ᠤ ᠲᠤᠬᠠᠶ ᠶᠢᠨ ᠲᠠᠯᠠᠪᠤᠷ ᠤᠨ ᠠᠭᠤᠷ ᠠᠮᠢᠰᠬᠤᠯ ᠬᠥᠷ ᠬᠥᠭᠵᠢᠶᠡᠨ ᠢᠶᠠᠷ ᠪᠢᠯᠬᠠᠵᠤ᠂ ᠭᠠᠵᠠᠷ ᠪᠣᠯᠭᠠᠨ ᠳᠤ ᠪᠠᠴᠢᠮ ᠶᠠᠭᠠᠷᠠᠯᠲᠠᠶ ᠪᠥᠭᠡᠳ ᠪᠠᠶᠠᠷ ᠪᠠᠶᠠᠰᠬᠤᠯᠠᠩ ᠢᠶᠠᠷ ᠪᠢᠯᠬᠠᠨ᠎ᠠ᠃
   
   ᠣᠶᠢᠯᠠᠭᠠᠭᠰᠠᠨ ᠢᠶᠠᠷ᠂ ᠲᠣᠰ ᠤᠳᠠᠭᠠᠨ ᠤ ᠢᠳᠡᠷ ᠦᠳᠡᠯᠦᠭᠡ ᠨᠠᠰᠤᠨ ᠤ ᠰᠢᠲᠠᠷ᠎ᠠ ᠶᠢᠨ ᠤᠷᠤᠯᠳᠤᠭᠠᠨ ᠨᠢ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠥᠬᠡᠶ ᠪᠠᠰᠠ ᠬᠥᠷᠰᠢ ᠵᠡᠷᠭᠡᠯᠡᠳᠡᠭᠡ ᠶᠢᠨ ᠬᠤᠭᠤᠷᠣᠨᠳᠣᠬᠢ ᠰᠣᠯᠢᠯᠴᠠᠭ᠎ᠠ ᠶᠢ ᠠᠬᠢᠭᠤᠯᠤᠭᠰᠠᠨ ᠪᠠᠶᠢᠨ᠎ᠠ᠃ ᠨᠡᠶᠢᠭᠡᠮ ᠲᠣᠭᠤᠷᠢᠭ ᠤᠨ ᠬᠢᠨ ︽ᠬᠥᠷᠰᠢ ᠵᠡᠷᠭᠡᠯᠡᠳᠡᠭᠡ ᠲᠠᠢ ᠪᠠᠨ ᠨᠥᠬᠦᠷᠯᠡᠵᠦ᠂ ᠬᠥᠷᠰᠢ ᠵᠡᠷᠭᠡᠯᠡᠳᠡᠭᠡ ᠲᠠᠢ ᠪᠠᠨ ᠰᠠᠶᠢᠨ ᠰᠠᠶᠢᠬᠠᠨ ᠪᠠᠶᠢᠬᠤ︾ ᠤᠢᠢᠯᠠᠭᠠᠭᠳᠠᠬᠤᠨ ᠢ ᠦᠷᠭᠦᠯᠵᠢᠯᠡᠨ ᠪᠠᠷᠢᠮᠲᠠᠯᠠᠵᠤ᠂ ᠤᠯᠠᠨ ᠬᠡᠯᠪᠡᠷᠢ ᠶᠢᠨ ᠠᠵᠢᠯᠯᠠᠭ᠎ᠠ ᠥᠷᠨᠢᠭᠦᠯᠵᠦ᠂ ᠬᠠᠷᠢᠶ᠎ᠠ ᠣᠷᠣᠨ ᠤ ᠢᠳᠡᠷ ᠨᠠᠰᠤᠲᠠᠶᠢᠴᠤᠳ ᠲᠤ ᠥᠪᠡᠷ ᠢ ᠪᠠᠨ ᠨᠡᠩ ᠢᠯᠡᠭᠦᠦ ᠳᠡᠯᠭᠡᠨ ᠦᠵᠡᠭᠦᠯᠵᠦ ᠂ ᠨᠥᠬᠦᠷᠯᠡᠯ ᠢᠶᠠᠨ ᠵᠤᠵᠠᠭᠠᠳᠬᠠᠬᠤ ᠲᠠᠪᠴᠠᠩ ᠢ ᠨᠡᠩ ᠤᠯᠠᠨ ᠪᠠᠶᠢᠭᠤᠯᠵᠤ᠂ ᠡᠶ᠎ᠡ ᠵᠣᠬᠢᠴᠠᠩᠭᠤᠢ ᠰᠠᠶᠢᠨ ᠰᠠᠶᠢᠬᠠᠨ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠬᠠᠮᠲᠤᠪᠠᠷ ᠪᠤᠢ ᠪᠣᠯᠭᠠᠭᠰᠠᠨ ᠪᠠᠶᠢᠨ᠎ᠠ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号