ᠮᠠᠨᠵᠤᠤᠷ - ᠡᠷᠢᠶᠡᠨ ᠬᠤᠲᠠ ᠶᠢᠨ ︽ᠪᠣᠭᠤᠮᠲᠠ ᠶᠢᠨ ᠤᠯᠤᠰ ᠲᠥᠷᠥ ᠶᠢᠨ ᠵᠥᠪᠯᠡᠯᠭᠡᠨ ᠤ ᠬᠠᠮᠲᠤᠪᠠᠷ ᠪᠠᠶᠢᠭᠤᠯᠬᠤ ᠬᠤᠯᠪᠣᠭᠠᠲᠤ ᠴᠣᠭᠴᠠ︾ ᠶᠢᠨ ᠲᠤᠰᠬᠠᠶ ᠮᠡᠷᠭᠡᠵᠢᠯᠲᠡᠨ ᠤ ᠣᠶᠤᠨ ᠤ ᠬᠥᠮᠥᠷᠭᠡ ᠶᠢᠨ ᠡᠬᠢᠯᠡᠯᠲᠡ ᠶᠢᠨ ᠶᠣᠰᠣᠯᠠᠯ ᠮᠠᠨ ᠤ ᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2024/11/28
  11 ᠰᠠᠷ᠎ᠠ ᠶᠢᠨ 26 ᠤ ᠡᠳᠦᠷ᠂ ᠮᠠᠨᠵᠤᠤᠷ - ᠡᠷᠢᠶᠡᠨ ᠬᠤᠲᠠ ᠶᠢᠨ ︽ᠪᠣᠭᠤᠮᠲᠠ ᠶᠢᠨ ᠤᠯᠤᠰ ᠲᠥᠷᠥ ᠶᠢᠨ ᠵᠥᠪᠯᠡᠯᠭᠡᠨ ᠤ ᠬᠠᠮᠲᠤ ᠪᠠᠷ ᠪᠠᠶᠢᠭᠤᠯᠬᠤ ᠬᠤᠯᠪᠣᠭᠠᠲᠤ ᠴᠣᠭᠴᠠ︾ ᠶᠢᠨ ᠲᠤᠰᠬᠠᠶ ᠮᠡᠷᠭᠡᠵᠢᠯᠲᠡᠨ ᠤ ᠣᠶᠤᠨ ᠤ ᠬᠥᠮᠥᠷᠭᠡ ᠶᠢᠨ ᠡᠬᠢᠯᠡᠯᠲᠡ ᠶᠢᠨ ᠶᠣᠰᠣᠯᠠᠯ ᠮᠠᠨ ᠤ ᠬᠤᠲᠠ ᠶᠢᠨ ᠢᠯᠢᠨ ᠤᠯᠠᠭ᠎ᠠ ᠶᠢᠨ ᠣᠷᠳᠣᠨ ᠳᠤ ᠶᠠᠪᠤᠭᠳᠠᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠴᠣᠭᠵᠢᠯ᠂ ᠮᠠᠨᠵᠤᠤᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢᠩ ᠶᠦᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃
  ᠡᠬᠢᠯᠡᠯᠲᠡ ᠶᠢᠨ ᠶᠣᠰᠣᠯᠠᠯ ᠤᠨ ᠲᠤᠬᠠᠢ ᠶᠢᠨ ᠲᠠᠯᠠᠪᠠᠢ
  ᠠᠩᠬᠠᠨ ᠤ ᠪᠦᠯᠦᠭ ᠤᠨ ᠣᠶᠤᠨ ᠤ ᠬᠥᠮᠥᠷᠭᠡ ᠶᠢᠨ ᠮᠡᠷᠬᠡᠵᠢᠯᠳᠡᠳ ᠤᠨ ᠤᠷᠢᠯᠭ᠎ᠠ ᠶᠢᠨ ᠪᠢᠴᠢᠭ    ᠡᠬᠢᠯᠡᠯᠲᠡ ᠶᠢᠨ ᠶᠣᠰᠣᠯᠠᠯ ᠳᠡᠭᠡᠷ᠎ᠡ ︽ᠮᠠᠨᠵᠤᠤᠷ - ᠡᠷᠢᠶᠡᠨ ᠬᠤᠲᠠ ᠶᠢᠨ ︿ᠪᠣᠭᠤᠮᠲᠠ ᠶᠢᠨ ᠤᠯᠤᠰ ᠲᠥᠷᠥ ᠶᠢᠨ ᠵᠥᠪᠯᠡᠯᠭᠡᠨ ᠤ ᠬᠠᠮᠲᠤ ᠪᠠᠷ ᠪᠠᠶᠢᠭᠤᠯᠬᠤ ᠬᠤᠯᠪᠣᠭᠠᠲᠤ ᠴᠣᠭᠴᠠ﹀ ᠶᠢᠨ ᠣᠶᠤᠨ ᠤ ᠬᠥᠮᠥᠷᠭᠡ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾᠂ ︽ᠮᠠᠨᠵᠤᠤᠷ - ᠡᠷᠢᠶᠡᠨ ᠬᠤᠲᠠ ᠶᠢᠨ ︿ᠪᠣᠭᠤᠮᠲᠠ ᠶᠢᠨ ᠤᠯᠤᠰ ᠲᠥᠷᠥ ᠶᠢᠨ ᠵᠥᠪᠯᠡᠯᠭᠡᠨ ᠤ ᠬᠤᠯᠪᠣᠭᠠᠲᠤ ᠴᠣᠭᠴᠠ﹀ ᠶᠢᠨ ᠣᠶᠤᠨ ᠤ ᠬᠥᠮᠥᠷᠭᠡ ᠶᠢᠨ ᠲᠤᠰᠬᠠᠶ ᠮᠡᠷᠭᠡᠵᠢᠯᠲᠡᠨ ᠤ ᠰᠠᠨᠠᠭᠤᠯᠭ᠎ᠠ ᠶᠢᠨ ᠨᠡᠷᠡᠰ︾ ᠢ ᠤᠩᠰᠢᠨ ᠨᠡᠶᠢᠲᠡᠯᠡᠪᠡ︔ ᠠᠩᠬᠠᠨ ᠤ ᠪᠦᠯᠦᠭ ᠤᠨ ᠣᠶᠤᠨ ᠤ ᠬᠥᠮᠥᠷᠭᠡ ᠶᠢᠨ ᠲᠤᠰᠬᠠᠶ ᠮᠡᠷᠭᠡᠵᠢᠯᠲᠡᠨ ᠳᠤ ᠤᠷᠢᠯᠭ᠎ᠠ ᠶᠢᠨ ᠪᠢᠴᠢᠭ ᠭᠠᠷᠳᠠᠭᠤᠯᠪᠠ᠃
  ᠮᠠᠨᠵᠤᠤᠷ - ᠡᠷᠢᠶᠡᠨ ᠬᠤᠲᠠ ᠶᠢᠨ ︽ᠪᠣᠭᠤᠮᠲᠠ ᠶᠢᠨ ᠤᠯᠤᠰ ᠲᠥᠷᠥ ᠶᠢᠨ ᠵᠥᠪᠯᠡᠯᠭᠡᠨ ᠤ ᠬᠠᠮᠲᠤ ᠶᠢᠨ ᠴᠣᠭᠴᠠ︾ ᠶᠢᠨ ᠳᠣᠰᠬᠠᠢ ᠮᠡᠷᠭᠡᠵᠢᠯᠲᠡᠨ ᠤ ᠣᠶᠤᠨ ᠤ ᠬᠥᠮᠥᠷᠭᠡ ᠡᠬᠢᠯᠡᠪᠡ    ᠬᠤᠷᠠᠯ ᠠᠴᠠ᠂ ᠡᠷᠢᠶᠡᠨ ᠬᠤᠲᠠ ᠪᠣᠯᠤᠨ ᠮᠠᠨᠵᠤᠤᠷ ᠬᠤᠲᠠ ᠨᠢ ᠮᠠᠨ ᠤ ᠤᠯᠤᠰ ᠤᠨ ᠮᠣᠩᠭᠤᠯ ᠪᠠ ᠣᠷᠣᠰ ᠲᠤ ᠨᠡᠭᠡᠭᠡᠯᠲᠡ ᠬᠢᠭᠰᠡᠨ ᠬᠠᠮᠤᠭ ᠤᠨ ᠶᠡᠭᠡ ᠪᠣᠭᠤᠮᠲᠠ ᠪᠣᠯᠤᠭᠰᠠᠨ ᠤ ᠬᠤᠪᠢ ᠳᠤ᠂ ᠤᠷᠲᠤ ᠬᠤᠭᠤᠴᠠᠭᠠᠨ ᠤ ᠲᠤᠷᠰᠢ᠂ ᠬᠤᠶᠠᠷ ᠭᠠᠵᠠᠷ ᠤᠨ ᠬᠢᠨ ᠨᠥᠬᠦᠷᠰᠡᠭ ᠰᠣᠯᠢᠯᠴᠠᠭ᠎ᠠ ᠬᠠᠮᠲᠤᠷᠠᠯᠴᠠᠭ᠎ᠠ ᠪᠠᠨ ᠲᠠᠰᠤᠷᠠᠯᠲᠠ ᠦᠭᠡᠢ ᠴᠢᠩᠭᠠᠳᠬᠠᠬᠤ ᠳᠤ ᠰᠠᠶᠢᠨ ᠰᠠᠶᠢᠬᠠᠨ ᠬᠠᠮᠲᠤᠷᠠᠯᠴᠠᠭᠠᠨ ᠤ ᠰᠠᠭᠤᠷᠢ ᠲᠠᠢ ᠶᠤᠮ᠃ ᠮᠠᠨᠵᠤᠤᠷ - ᠡᠷᠢᠶᠡᠨ ᠬᠤᠲᠠ ᠶᠢᠨ ︽ᠪᠣᠭᠤᠮᠲᠠ ᠶᠢᠨ ᠤᠯᠤᠰ ᠲᠥᠷᠥ ᠶᠢᠨ ᠵᠥᠪᠯᠡᠯᠭᠡᠨ ᠤ ᠬᠠᠮᠲᠤᠪᠠᠷ ᠪᠠᠶᠢᠭᠤᠯᠬᠤ ᠬᠤᠯᠪᠣᠭᠠᠲᠤ ᠴᠣᠭᠴᠠ︾ ᠨᠢ ᠳᠠᠪᠠᠭᠤᠯᠢᠭ ᠢᠶᠠᠨ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ᠂ ᠨᠡᠶᠢᠯᠡᠮᠡᠯ ᠬᠦᠴᠦᠨ ᠢ ᠪᠣᠶ ᠪᠣᠯᠭᠠᠵᠤ᠂ ᠬᠤᠶᠠᠷ ᠭᠠᠵᠠᠷ ᠤᠨ ᠥᠪᠡᠷᠮᠢᠴᠡ ᠭᠠᠵᠠᠷ ᠵᠦᠶ ᠶᠢᠨ ᠣᠷᠣᠨ ᠪᠠᠶᠢᠷᠢ ᠶᠢᠨ ᠳᠠᠪᠠᠭᠤᠯᠢᠭ ᠲᠤ ᠲᠦᠰᠢᠭᠯᠡᠨ᠂ ᠬᠠᠮᠲᠤᠷᠠᠨ ᠰᠠᠨᠠᠯ ᠳᠤᠷᠠᠳᠤᠯᠭ᠎ᠠ ᠳᠤᠷᠠᠳᠬᠤ᠂ ᠲᠥᠷᠥ ᠶᠢᠨ ᠪᠣᠳᠣᠯᠭ᠎ᠠ ᠲᠡᠮᠡᠴᠡᠨ ᠤᠯᠬᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠢᠴᠢ ᠡᠯ᠎ᠡ ᠬᠦᠷᠢᠶᠡᠨ ᠤ ᠬᠠᠮᠲᠤᠷᠠᠯᠴᠠᠭ᠎ᠠ ᠳᠤᠮᠳᠠ ᠤᠯᠤᠰ ᠲᠥᠷᠥ ᠶᠢᠨ ᠵᠥᠪᠯᠡᠯᠭᠡᠨ ᠤ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠨ᠎ᠠ᠃    ᠬᠤᠷᠠᠯ ᠠᠴᠠ᠂ ᠬᠤᠶᠠᠷ ᠭᠠᠵᠠᠷ ᠤᠨ ᠤᠯᠤᠰ ᠲᠦᠷᠦ ᠶᠢᠨ ᠵᠥᠪᠯᠡᠯᠭᠡᠨ ᠨᠢᠭᠡᠳᠦᠮᠡᠯ ᠹᠷᠣᠨᠲ ᠤᠨ ᠴᠢᠳᠠᠪᠤᠷᠢᠲᠠᠨ ᠬᠤᠷᠠᠨ ᠴᠤᠭᠯᠠᠷᠠᠭᠰᠠᠨ᠂ ᠤᠶᠤᠨ ᠤᠬᠠᠭᠠᠨ ᠨᠢᠭᠲᠠᠷᠠᠭᠰᠠᠨ ᠪᠠ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠤ ᠠᠬᠤᠢ ᠨᠡᠶᠢᠭᠡᠮ ᠤᠨ ᠳᠤᠮᠳᠠᠬᠢ ᠣᠨᠴᠠᠭᠠᠢ ᠤᠶᠤᠨ ᠤ ᠬᠥᠮᠥᠷᠭᠡ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠲᠤᠰᠬᠠᠢ ᠵᠥᠪᠯᠡᠬᠦ ᠪᠠᠶᠢᠭᠤᠯᠤᠮᠵᠢ ᠪᠣᠯᠤᠭᠰᠠᠨ ᠤ ᠬᠤᠪᠢ ᠳᠤ᠂ ᠤᠯᠤᠰ ᠲᠦᠷᠦ ᠶᠢᠨ ᠵᠥᠪᠯᠡᠯᠭᠡᠨ ᠤ ᠤᠶᠤᠨ ᠤ ᠬᠥᠮᠥᠷᠭᠡ ᠶᠢᠨ ᠪᠠᠶᠢᠭᠤᠯᠤᠯᠲᠠ ᠶᠢ ᠰᠦᠪᠡᠭᠴᠢᠯᠡᠵᠦ᠂ ᠰᠢᠨ᠎ᠡ ᠰᠡᠳᠦᠪ ᠢ ᠰᠤᠳᠤᠯᠬᠤ ᠦᠢᠯᠡᠳᠦᠯ ᠢ ᠬᠠᠮᠲᠤ ᠪᠠᠷ ᠰᠠᠶᠢᠲᠤᠷ ᠨᠠᠶᠢᠳᠠᠪᠤᠷᠢᠵᠢᠭᠤᠯᠵᠤ᠂ ᠬᠠᠮᠲᠤᠪᠠᠷ ᠡᠨᠡ ᠬᠦ ᠠᠵᠢᠯ ᠢ ᠰᠠᠶᠢᠲᠤᠷ ᠨᠠᠶᠢᠳᠠᠪᠤᠷᠢᠵᠢᠭᠤᠯᠵᠤ᠂ ᠬᠤᠶᠠᠷ ᠭᠠᠵᠠᠷ ᠤᠨ ᠪᠣᠭᠤᠮᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠤᠯᠤᠰ ᠲᠦᠷᠦ ᠶᠢᠨ ᠵᠥᠪᠯᠡᠯᠭᠡᠨ ᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号