11 ᠳ᠋ᠦ᠋ᠭᠡᠷ ᠰᠠᠷ᠎ᠠ ᠶᠢᠨ 13 ᠠᠴᠠ 21 ᠤ ᠡᠳᠦᠷ ᠪᠣᠯᠲᠠᠯ᠎ᠠ᠂ ᠫᠧᠷᠦ᠋ ᠶᠢᠨ ᠶᠡᠷᠦᠩᠬᠡᠶᠢᠯᠡᠭᠴᠢ ᠪᠦᠷᠤ᠋ ᠊ | ᠠᠷᠲ᠋ᠧ᠂ ᠪᠷᠠᠽᠢᠯ ᠤᠨ ᠶᠡᠷᠦᠩᠬᠡᠶᠢᠯᠡᠭᠴᠢ ᠯᠦᠯᠠ ᠶᠢᠨ ᠤᠷᠢᠯᠭ᠎ᠠ ᠪᠠᠷ ᠤᠯᠤᠰ ᠤᠨ ᠲᠡᠷᠢᠭᠦᠯᠡᠭᠴᠢ ᠰᠢ ᠶᠢᠨ ᠫᠢᠩ | ᠯᠢᠮᠠ ᠳᠤ ᠬᠦᠷᠴᠦ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ | ᠵᠣᠬᠢᠶᠠᠨ ᠪᠠᠶᠢᠭᠤᠯᠤᠯᠲᠠ ᠶᠢᠨ ᠭᠤᠴᠢᠨ ᠨᠢᠭᠡᠳᠦᠭᠡᠷ ᠤᠳᠠᠭ᠎ᠠ ᠶᠢᠨ ᠤᠳᠤᠷᠢᠳᠬᠤ ᠬᠥᠮᠦᠰ ᠤᠨ ᠠᠯᠪᠠᠨ ᠶᠣᠰᠣᠨ ᠤ | ᠪᠤᠰᠤ ᠬᠤᠷᠠᠯ᠂ ᠷᠢᠦ᠋ ᠳ᠋ᠢ ᠿᠧᠨᠧᠶᠢᠷᠦ᠋ ᠳᠤ ᠬᠦᠷᠴᠦ ᠬᠤᠷᠢᠨ ᠤᠯᠤᠰ ᠤᠨ ᠪᠦᠯᠦᠭᠯᠡᠯ ᠤᠨ ᠤᠳᠤᠷᠢᠳᠬᠤ | ᠬᠥᠮᠦᠰ ᠤᠨ ᠠᠷᠪᠠ ᠶᠢᠰᠦᠳᠦᠭᠡᠷ ᠤᠳᠠᠭ᠎ᠠ ᠶᠢᠨ ᠲᠦᠷᠦᠭᠦᠴᠦᠳ ᠤᠨ ᠬᠤᠷᠠᠯ ᠳᠤ ᠣᠷᠣᠯᠴᠠᠭᠰᠠᠨ ᠪᠥᠭᠡᠳ ᠫᠧᠷᠦ᠋᠂ | ᠪᠷᠠᠽᠢᠯ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠵᠡᠢ᠃ | APEC ᠤᠨ ᠬᠤᠷᠠᠯ ᠠᠴᠠ G20 ᠶᠢᠨ ᠲᠦᠷᠦᠭᠦᠴᠦᠳ ᠤᠨ ᠬᠤᠷᠠᠯ ᠬᠦᠷᠲᠡᠯ᠎ᠡ᠂ ᠲᠡᠷᠢᠭᠦᠯᠡᠭᠴᠢ | ᠰᠢ ᠶᠢᠨ ᠫᠢᠩ ᠣᠯᠠᠨᠲᠠ ᠴᠢᠬᠤᠯᠠ ᠶᠠᠷᠢᠶ᠎ᠠ ᠲᠠᠯᠪᠢᠵᠤ᠂ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ | ᠴᠢᠬᠤᠯᠠ ᠴᠢᠨᠠᠷ᠂ ᠨᠡᠭᠡᠭᠡᠯᠲᠡᠲᠦ ᠬᠠᠮᠲᠤᠷᠠᠯᠴᠠᠭ᠎ᠠ ᠶᠢᠨ ᠵᠠᠶᠢᠯᠠᠰᠢ ᠦᠭᠡᠢ ᠴᠢᠨᠠᠷ ᠢ ᠠᠮᠢᠳᠤᠯᠢᠭ ᠢᠶᠠᠷ ᠵᠦᠢᠷᠯᠡᠵᠦ᠂ | ᠡᠯ᠎ᠡ ᠤᠯᠤᠰ ᠤᠨ ᠣᠷᠣᠨ ᠪᠦᠰᠡ ᠶᠢᠨ ᠠᠵᠤ ᠠᠬᠤᠢ᠂ ᠤᠯᠠᠨ ᠲᠠᠯᠠᠲᠤ ᠠᠷᠠᠯᠵᠢᠶ᠎ᠠ᠂ ᠲᠦᠷᠦ ᠶᠢᠨ ᠪᠤᠳᠤᠯᠭ᠎ᠠ ᠶᠢᠨ | ᠵᠣᠬᠢᠴᠠᠭᠤᠯᠭ᠎ᠠ ᠵᠢᠴᠢ ᠢᠯᠵᠠᠷᠠᠯ ᠢ ᠡᠰᠡᠷᠭᠦᠴᠡᠬᠦ ᠵᠡᠷᠭᠡ ᠬᠦᠷᠢᠶᠡᠨ ᠳᠠᠬᠢ ᠤᠯᠠᠨ ᠤᠯᠤᠰ ᠤᠨ ᠬᠠᠮᠲᠤᠷᠠᠯᠴᠠᠭ᠎ᠠ ᠶᠢ | ᠴᠢᠩᠭᠠᠳᠬᠠᠵᠤ᠂ ᠬᠥᠭᠵᠢᠯ ᠴᠡᠴᠡᠭᠯᠡᠯ ᠢ ᠬᠠᠮᠲᠤ ᠪᠠᠷ ᠠᠬᠢᠭᠤᠯᠵᠤ᠂ ᠨᠡᠩ ᠤᠯᠠᠨ ᠠᠵᠤ ᠠᠬᠤᠢ ᠶᠢᠨ ᠴᠣᠭᠴᠠ᠂ | ᠨᠡᠩ ᠤᠯᠠᠨ ᠠᠷᠠᠳ ᠲᠦᠮᠡᠨ ᠳᠤ ᠬᠥᠭᠵᠢᠯᠲᠡ ᠶᠢᠨ ᠦᠷ᠎ᠡ ᠪᠦᠲᠦᠭᠡᠯ ᠢᠶᠠᠨ ᠡᠳ᠋ᠯᠡᠭᠦᠯᠬᠦ ᠶᠢ ᠵᠥᠪ ᠪᠤᠷᠤᠭᠤ ᠬᠤᠶᠠᠷ | ᠲᠠᠯ᠎ᠠ ᠪᠠᠷ ᠠᠮᠢᠳᠤᠯᠢᠭ ᠵᠦᠢᠷᠯᠡᠪᠡ᠃ ᠬᠠᠮᠲᠤ ᠪᠠᠷ ᠰᠤᠷᠤᠯᠴᠠᠶ᠎ᠠ︕ | | | | | | | | | | |