【 ᠠᠮᠤᠷ ᠳᠦᠪᠰᠢᠨ ᠤ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠵᠦ ᠠᠮᠤᠷ ᠳᠦᠪᠰᠢᠨ ᠬᠥᠭᠵᠢᠯᠲᠡ ᠶᠢ ᠠᠬᠢᠭᠤᠯᠤᠶ᠎ᠠ 】 ︽ᠡᠭᠦᠳᠡ ᠲᠦᠯᠬᠢᠵᠦ ᠡᠷᠦᠬᠡ ᠳᠤ ᠣᠷᠣᠬᠤ︾ ᠳᠠᠯᠳᠠ ᠬᠡᠮ ᠢ ᠪᠠᠶᠢᠴᠠᠭᠠᠵᠤ ᠠᠮᠤᠷ ᠲᠦᠪᠰᠢᠨ ᠢ ᠪᠠᠬᠢᠵᠢᠭᠦᠯᠪᠡ
ᠨᠡᠶᠢᠲᠡᠯᠡᠭᠰᠡᠨ ᠴᠠᠭ᠄
2024/11/29
    ᠲᠩᠷᠢ ᠤᠯᠠᠮ ᠠᠴᠠ ᠤᠯᠠᠮ ᠬᠦᠢᠲᠡᠷᠡᠵᠦ ᠪᠠᠶᠢᠨ᠎ᠠ᠂ ᠴᠠᠬᠢᠯᠭᠠᠨ ᠭᠠᠯ ᠬᠡᠷᠡᠭᠯᠡᠬᠦ ᠳᠤ ᠡᠷᠬᠡᠪᠰᠢ ᠠᠮᠤᠷ ᠲᠦᠪᠰᠢᠨ ᠢ ᠠᠩᠬᠠᠷᠬᠤ ᠬᠡᠷᠡᠭᠲᠡᠶ᠂ ᠢᠯᠠᠩᠭᠤᠶ᠎ᠠ ᠴᠠᠬᠢᠯᠭᠠᠨ ᠳᠤᠯᠠᠭᠠᠯᠠᠭ᠎ᠠ ᠶᠢᠨ ᠮᠠᠰᠢᠨ ᠤ ᠳᠡᠭᠡᠷ᠎ᠡ ᠶᠠᠭᠠᠬᠢᠭᠰᠠᠨ ᠴᠤ ᠶᠠᠭᠤᠮ᠎ᠠ ᠠᠪᠴᠤ ᠪᠣᠯᠬᠤ ᠦᠭᠡᠢ ᠭᠡᠳᠡᠭ ᠢ ᠠᠩᠬᠠᠷᠬᠤ ᠬᠡᠷᠡᠭᠲᠡᠢ᠃︾ ᠪᠣᠭᠤᠮᠲᠠ ᠶᠢᠨ ᠤᠯᠠᠨ ᠲᠦᠮᠡᠨ ᠳᠤ ᠬᠠᠯᠠᠭᠤᠨ ᠳᠤᠯᠠᠭᠠᠨ ᠡᠳ᠋ᠯᠡᠭᠦᠯᠬᠦ ᠬᠡᠷᠡᠭᠲᠡᠢ ᠭᠡᠵᠦ ᠵᠠᠬᠢᠪᠠ᠃ ᠣᠶᠢᠷ᠎ᠠ ᠳᠤ᠂ ᠬᠤᠲᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠬᠠᠮᠲᠤᠷᠠᠨ ᠴᠠᠬᠢᠯᠭᠠᠨ ᠬᠠᠩᠭᠠᠬᠤ ᠲᠣᠪᠴᠢᠶ᠎ᠠ᠂ ᠰᠢᠯᠢᠨ ᠨᠡᠶᠢᠭᠡᠮ ᠲᠣᠭᠤᠷᠢᠭ ᠳᠠᠯᠳᠠ ᠬᠡᠮ ᠢ ᠵᠢᠭᠰᠠᠭᠠᠨ ᠪᠠᠶᠢᠴᠠᠭᠠᠬᠤ ᠪᠠ ᠡᠪᠦᠯ ᠤᠨ ᠤᠯᠠᠷᠢᠯ ᠤᠨ ᠭᠠᠯ ᠰᠡᠷᠭᠡᠶᠢᠯᠡᠬᠦ ᠤᠬᠠᠭᠤᠯᠭ᠎ᠠ ᠥᠷᠨᠢᠭᠦᠯᠵᠦ᠂ ᠬᠠᠷᠢᠶᠠᠲᠤ ᠣᠷᠣᠨ ᠤ ᠳᠣᠲᠣᠷᠠᠬᠢ ︽ᠰᠠᠨᠠᠭ᠎ᠠ ᠠᠮᠤᠷ ᠥᠬᠡᠶ᠂ ᠦᠨᠳᠦᠰᠦᠨ ᠵᠦᠢᠯ ᠢ ᠪᠠᠲᠤᠯᠠᠬᠤ ᠥᠬᠡᠶ︾ ᠭᠤᠤᠯᠳᠠᠯᠭ᠎ᠠ ᠲᠠᠢ ᠣᠷᠣᠨ ᠪᠦᠰᠡ ᠶᠢ ᠴᠢᠩᠭ᠎ᠠ ᠠᠩᠬᠠᠷᠴᠤ᠂ ᠡᠪᠦᠯ ᠤᠨ ᠤᠯᠠᠷᠢᠯ ᠤᠨ ᠠᠮᠤᠷ ᠲᠦᠪᠰᠢᠨ ᠤ ᠰᠡᠷᠡᠮᠵᠢ ᠶᠢᠨ ᠬᠤᠩᠬᠤ ᠶᠢ ᠲᠠᠰᠤᠷᠠᠯᠲᠠ ᠥᠬᠡᠶ ᠴᠤᠤᠷᠢᠶᠠᠲᠤᠭᠤᠯᠪᠠ᠃
         ᠠᠮᠤᠷ ᠲᠦᠪᠰᠢᠨ ᠤ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠬᠦ     ᠪᠠᠶᠢᠰᠢᠩ ᠬᠡᠷ ᠤᠨ ᠬᠦᠷᠢᠶᠡᠨ ᠤ ᠪᠦᠲᠦᠭᠡᠨ ᠪᠠᠶᠢᠭᠤᠯᠤᠯᠲᠠ ᠶᠢᠨ ᠪᠦᠲᠦᠴᠡ ᠨᠢ ᠪᠤᠳᠤᠯᠢᠶᠠᠨᠲᠠᠶ᠂ ᠣᠷᠣᠨ ᠰᠠᠭᠤᠴᠠ ᠶᠢᠨ ᠬᠥᠮᠦᠰ ᠨᠢᠭᠲᠠ᠂ ᠭᠠᠯ ᠤᠨᠲᠠᠷᠠᠭᠠᠬᠤ ᠪᠡᠯᠡᠳᠬᠡᠮᠵᠢ ᠨᠢ ᠬᠠᠷᠢᠴᠠᠩᠭᠤᠶ ᠪᠠᠭᠤᠷᠠᠶ ᠪᠠᠶᠢᠬᠤ ᠵᠡᠷᠭᠡ ᠰᠢᠯᠲᠠᠭᠠᠨ ᠠᠴᠠ ᠪᠣᠯᠵᠣ᠂ ᠭᠠᠯ ᠤᠨ ᠠᠶᠤᠯ ᠢ ᠰᠡᠷᠭᠡᠶᠢᠯᠡᠨ ᠬᠢᠵᠠᠭᠠᠷᠯᠠᠬᠤ ᠶᠢᠨ ᠭᠤᠤᠯᠳᠠᠯᠭ᠎ᠠ ᠪᠠ ᠬᠦᠴᠢᠷᠳᠡᠯ ᠪᠣᠯᠤᠭᠰᠠᠭᠠᠷ ᠢᠷᠡᠵᠡᠶ᠃ ᠪᠠᠶᠢᠴᠠᠭᠠᠯᠲᠠ ᠶᠢᠨ ᠳᠤᠮᠳᠠ᠂ ᠠᠵᠢᠯᠲᠠᠳ ᠡᠪᠦᠯ ᠤᠨ ᠤᠯᠠᠷᠢᠯ ᠤᠨ ᠭᠠᠯ ᠤᠨ ᠭᠠᠮᠰᠢᠭ ᠤᠨ ᠣᠨᠴᠠᠯᠢᠭ ᠲᠠᠢ ᠤᠶᠠᠯᠳᠤᠭᠤᠯᠤᠨ᠂ ᠪᠠᠶᠢᠰᠢᠩ ᠬᠡᠷ ᠤᠨ ᠲᠣᠭᠤᠷᠢᠭ ᠤᠨ ᠰᠠᠭᠤᠭᠠᠯᠢ ᠠᠷᠠᠳ ᠤᠨ ᠬᠡᠷ ᠲᠤ ᠭᠦᠨᠵᠡᠭᠡᠶᠢᠷᠡᠨ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠡᠯᠳᠡᠪ ᠪᠣᠳᠠᠰ ᠢ ᠭᠠᠳᠠᠭᠠᠳᠤ ᠳᠤ ᠭᠠᠷᠭᠠᠬᠤ᠂ ᠬᠡᠷ ᠤᠨ ᠡᠮᠦᠨ᠎ᠡ ᠬᠤᠶᠢᠨᠠᠬᠢ ᠲᠦᠯᠡᠭᠡ ᠣᠪᠣᠭᠠᠯᠠᠬᠤ᠂ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠨᠡᠭᠦᠷᠡᠰᠦ ᠲᠠᠯᠪᠢᠬᠤ ᠵᠡᠷᠭᠡ ᠳᠤ ᠭᠤᠤᠯᠳᠠᠯᠭ᠎ᠠ ᠲᠠᠢ ᠪᠠᠶᠢᠴᠠᠭᠠᠯᠲᠠ ᠬᠢᠪᠠ᠃ ᠰᠠᠭᠤᠭᠠᠯᠢ ᠠᠷᠠᠳ ᠲᠠᠢ ᠰᠣᠯᠢᠯᠴᠠᠭ᠎ᠠ ᠬᠢᠬᠦ ᠶᠠᠪᠤᠴᠠ ᠳᠤ᠂ ᠠᠵᠢᠯᠲᠠᠳ ᠰᠠᠭᠤᠭᠠᠯᠢ ᠠᠷᠠᠳ ᠤᠨ ᠭᠠᠯ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠬᠡᠢ ᠬᠡᠷᠡᠭᠯᠡᠬᠦ ᠶᠢᠨ ᠠᠮᠤᠷ ᠲᠦᠪᠰᠢᠨ ᠵᠡᠷᠭᠡ ᠮᠡᠳᠡᠯᠭᠡ ᠶᠢ ᠶᠡᠬᠡᠪᠡᠷ ᠤᠬᠠᠭᠤᠯᠤᠨ ᠲᠦᠭᠡᠮᠡᠯᠵᠢᠭᠦᠯᠵᠦ᠂ ᠰᠠᠭᠤᠭᠠᠯᠢ ᠠᠷᠠᠳ ᠤᠨ ᠡᠯ᠎ᠡ ᠲᠦᠷᠦᠯ ᠤᠨ ᠠᠮᠤᠷ ᠲᠦᠪᠰᠢᠨ ᠤ ᠮᠡᠳᠡᠯᠭᠡ ᠶᠢ ᠣᠶᠢᠯᠠᠭᠠᠬᠤ ᠪᠠ ᠡᠵᠡᠮᠰᠢᠬᠦ ᠶᠢ ᠪᠦᠲᠦᠮᠵᠢᠲᠡᠢ ᠭᠦᠨᠵᠡᠭᠡᠶᠢᠷᠡᠭᠦᠯᠵᠦ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠠᠮᠤᠷ ᠲᠦᠪᠰᠢᠨ ᠤ ᠤᠬᠠᠮᠰᠠᠷ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠲᠠᠰᠤᠷᠠᠯᠲᠠ ᠦᠭᠡᠢ ᠴᠢᠩᠭᠠᠳᠬᠠᠪᠠ᠃ ᠵᠠᠷᠢᠮ ᠨᠠᠰᠤᠲᠠᠶᠢᠴᠤᠳ ᠤᠨ ᠰᠠᠭᠤᠭᠠᠯᠢ ᠠᠷᠠᠳ ᠲᠤ ᠠᠵᠢᠯᠲᠠᠳ ᠨᠠᠩ ᠴᠤ ᠠᠮᠤᠷ ᠲᠦᠪᠰᠢᠨ ᠤ ᠠᠩᠬᠠᠷᠬᠤ ᠵᠦᠢᠯᠡᠰ ᠢ ᠣᠶᠢᠯᠠᠭᠠᠵᠤ ᠳᠡᠶᠢᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠳᠠᠬᠢᠨ ᠳᠠᠪᠲᠠᠨ ᠵᠠᠬᠢᠪᠠ᠃       ᠴᠥᠷᠬᠡᠯᠡᠭᠡ᠄ ᠭᠠᠯ ᠬᠥᠮᠦᠨ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠵᠢᠴᠢ ᠳ᠋ᠢᠶᠠᠨ ᡂᠢ ᠠᠰᠠᠷ ᠲᠤ ᠣᠷᠣᠵᠤ ᠴᠠᠬᠢᠯᠭᠠᠨ ᠴᠡᠨᠡᠭᠯᠡᠬᠦ᠂ ᠡᠯᠳᠡᠪ ᠪᠣᠳᠠᠰ ᠣᠪᠣᠭᠠᠯᠠᠵᠤ ᠲᠠᠷᠬᠠᠭᠠᠬᠤ ᠵᠠᠮ ᠢ ᠪᠥᠭᠯᠡᠬᠦ ᠵᠡᠷᠭᠡ ᠭᠠᠯ ᠲᠦᠢᠮᠡᠷ ᠤᠨ ᠠᠶᠤᠯ ᠳᠦᠭᠰᠢᠬᠦᠷᠢ ᠣᠷᠣᠰᠢᠵᠦ ᠪᠠᠶᠢᠭ᠎ᠠ ᠵᠦᠪ ᠪᠣᠰᠦ ᠠᠮᠢᠳᠤᠷᠠᠯ ᠤᠨ ᠳᠠᠳᠬᠠᠯ ᠢᠶᠠᠨ ᠴᠠᠭ ᠢᠮᠠᠭᠲᠠ ︽ᠭᠡᠷ ᠪᠦᠯᠢ ᠶᠢᠨ ᠠᠮᠤᠷ ᠳᠦᠪᠰᠢᠨ ᠢ ᠰᠦᠷᠳᠡᠭᠦᠯᠵᠦ᠂ ᠭᠠᠯ ᠤᠨᠲᠠᠷᠠᠭᠠᠬᠤ ᠠᠮᠤᠷ ᠳᠦᠪᠰᠢᠨ ᠤ ᠲᠠᠯ᠎ᠠ ᠪᠠᠷ ᠪᠠᠭ᠎ᠠ ᠶᠠᠪᠤᠳᠠᠯ ᠦᠭᠡᠢ᠂ ᠡᠳᠦᠷ ᠳᠣᠳᠣᠮ ᠤᠨ ᠭᠠᠯ  ᠰᠠᠷᠬᠡᠶᠢᠯᠡᠬᠦ ᠳᠤ ᠪᠠᠭ᠎ᠠ ᠶᠠᠪᠤᠳᠠᠯ ᠪᠠᠢᠬᠤ ᠦᠭᠡᠢ᠂ ᠭᠡᠷ ᠪᠦᠯᠢ ᠶᠢᠨ ᠭᠠᠯ ᠤᠨᠲᠠᠷᠠᠭᠠᠬᠤ ᠠᠮᠤᠷ ᠳᠦᠪᠰᠢᠨ ᠤ ᠮᠡᠳᠡᠯᠭᠡ ᠶᠢ ᠵᠠᠪᠠᠯ ᠪᠠᠲᠤ ᠴᠡᠭᠡᠵᠢᠯᠡᠬᠦ ᠬᠡᠷᠡᠭᠲᠡᠢ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号