| | ᠨᠠᠮ ᠤᠨ ᠰᠣᠨᠢᠨ ᠮᠡᠳᠡᠭᠡ ᠶᠠᠷᠢᠶ᠎ᠠ ᠬᠡᠯᠡᠯᠴᠡᠭᠡᠨ ᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠮᠠᠨ ᠤ | ᠬᠤᠲᠠ ᠶᠢᠨ ᠵᠠᠭᠤᠴᠢᠯᠠᠭᠤᠷ ᠤᠨ ᠰᠤᠷᠪᠤᠯᠵᠢᠯᠠᠨ ᠨᠠᠶᠢᠷᠠᠭᠤᠯᠬᠤ ᠠᠵᠢᠯᠲᠠᠨ᠂ ᠡᠯ᠎ᠡ ᠨᠢᠭᠡᠴᠡ ᠶᠢᠨ ᠴᠢᠮᠡᠭᠡ | ᠬᠤᠯᠪᠣᠭᠠᠨ ᠤ ᠠᠵᠢᠯᠳᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠴᠢᠮᠡᠭᠡ ᠬᠤᠯᠪᠣᠭᠠᠨ ᠤ ᠠᠵᠢᠯᠳᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠶᠢᠨ ᠳᠣᠯᠠᠳᠠ᠂ 11 | ᠰᠠᠷ᠎ᠠ ᠶᠢᠨ 28 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠲᠠ ᠶᠢᠨ ᠨᠠᠮ ᠤᠨ | ᠬᠤᠷᠢᠶᠠᠨ ᠤ ᠨᠠᠮ ᠤᠨ ᠰᠤᠷᠭᠠᠭᠤᠯᠢ ᠪᠥᠬᠦ ᠬᠤᠲᠠ ᠶᠢᠨ ᠵᠠᠭᠤᠴᠢᠯᠠᠭᠤᠷ ᠤᠨ ᠠᠵᠢᠯᠲᠠᠨ ᠵᠢᠴᠢ ᠴᠢᠮᠡᠭᠡ ᠬᠤᠯᠪᠣᠭᠠᠨ | ᠤ ᠠᠵᠢᠯᠳᠠᠨ ᠤ ᠴᠢᠳᠠᠪᠤᠷᠢ ᠶᠢ ᠳᠡᠭᠡᠭᠰᠢᠯᠡᠭᠦᠯᠬᠦ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠡᠷᠭᠢᠯᠡᠪᠡ᠃ | ᠮᠠᠨ ᠤ ᠬᠤᠲᠠ ᠶᠢᠨ ᠰᠣᠨᠢᠨ ᠮᠡᠳᠡᠭᠡᠨ ᠤ ᠠᠵᠢᠯ ᠤᠨ ᠠᠵᠢᠯᠲᠠᠨ᠂ ᠡᠯ᠎ᠡ ᠰᠠᠯᠠᠭ᠎ᠠ ᠮᠥᠴᠢᠷ ᠨᠢᠭᠡᠴᠡ ᠶᠢᠨ | ᠤᠬᠠᠭᠤᠯᠭ᠎ᠠ ᠶᠢᠨ ᠠᠵᠢᠯᠲᠠᠨ ᠪᠣᠯᠪᠠᠰᠤᠷᠠᠯ ᠳᠤ ᠣᠷᠣᠯᠴᠠᠪᠠ᠃ | ᠪᠣᠯᠪᠠᠰᠤᠷᠠᠯ ᠳᠤ ᠠᠷᠠᠳ ᠤᠨ ᠡᠳᠦᠷ ᠤᠨ ᠰᠣᠨᠢᠨ ᠤ ᠬᠤᠷᠢᠶᠠᠨ ᠤ ᠰᠤᠷᠪᠤᠯᠵᠢᠯᠠᠭᠴᠢ ᠵᠠᠩ ᠴᠧᠩ ᠹᠧᠩ ᠢ | ᠤᠷᠢᠵᠤ ᠤᠯᠠᠨ ᠳᠤ ᠬᠢᠴᠢᠶᠡᠯ ᠣᠷᠣᠭᠤᠯᠪᠠ᠃ ᠵᠠᠩ ᠴᠧᠩ ᠰᠣᠨᠢᠨ ᠮᠡᠳᠡᠭᠡ ᠪᠣᠯᠤᠨ ᠴᠢᠮᠡᠭᠡ ᠬᠤᠯᠪᠣᠭᠠᠨ ᠤ | ᠪᠢᠴᠢᠯᠭᠡ ᠪᠠᠷ ᠠᠭᠤᠯᠭ᠎ᠠ ᠪᠣᠯᠭᠠᠵᠤ᠂ ᠰᠤᠷᠤᠭᠴᠢᠳ ᠲᠤ ᠲᠤᠰᠬᠠᠶ ᠮᠡᠷᠭᠡᠵᠢᠯ ᠤᠨ ᠰᠣᠨᠢᠨ ᠮᠡᠳᠡᠭᠡᠨ ᠤ ᠵᠣᠬᠢᠶᠠᠨ | ᠪᠢᠴᠢᠬᠦ ᠵᠢᠯᠣᠭᠤᠳᠣᠯᠭ᠎ᠠ ᠶᠢ ᠠᠪᠴᠢᠷᠠᠵᠤ ᠥᠭᠴᠡᠶ᠃ ᠬᠢᠴᠢᠶᠡᠯᠯᠡᠭᠡ ᠳᠤᠮᠳᠠ᠂ ᠵᠠᠩ ᠴᠧᠩ ᠰᠣᠨᠢᠨ ᠮᠡᠳᠡᠭᠡᠨ ᠤ | ᠵᠣᠬᠢᠶᠠᠨ ᠪᠢᠴᠢᠯᠭᠡ ᠶᠢᠨ ᠦᠨᠳᠦᠰᠦᠨ ᠡᠯᠧᠮᠧᠨ᠋ᠲ᠂ ᠪᠦᠲᠦᠴᠡ ᠪᠣᠯᠤᠨ ᠦᠭᠡ ᠬᠡᠯᠡᠨ ᠤ ᠱᠠᠭᠠᠷᠳᠠᠯᠭ᠎ᠠ ᠶᠢ ᠨᠠᠷᠢᠨ | ᠲᠠᠶᠢᠯᠪᠤᠷᠢᠯᠠᠪᠠ᠃ ᠲᠡᠷᠡ᠂ ᠰᠣᠨᠢᠨ ᠮᠡᠳᠡᠭᠡᠨ ᠤ ᠵᠣᠬᠢᠶᠠᠨ ᠪᠢᠴᠢᠯᠭᠡ ᠨᠢ ᠦᠨᠡᠨ ᠪᠣᠳᠠᠲᠤ ᠴᠢᠨᠠᠷ᠂ ᠴᠠᠭᠴᠢ ᠴᠢᠨᠠᠷ | ᠪᠠ ᠪᠤᠰᠤᠳᠴᠢ ᠴᠢᠨᠠᠷ ᠢ ᠴᠢᠬᠤᠯᠠᠴᠢᠯᠠᠬᠤ ᠶᠢᠨ ᠬᠠᠮᠲᠤ ᠰᠣᠨᠢᠨ ᠮᠡᠳᠡᠭᠡᠨ ᠤ ᠠᠷᠤ ᠳᠠᠬᠢ ᠦᠯᠢᠭᠡᠷ ᠢ ᠴᠢᠳᠠᠮᠠᠭᠠᠢ ᠪᠠᠷ | ᠠᠭᠤᠳᠠᠯᠵᠤ᠂ ᠤᠩᠰᠢᠭᠴᠢᠳ ᠤᠨ ᠠᠩᠬᠠᠷᠤᠯ ᠢ ᠲᠠᠲᠠᠬᠤ ᠬᠡᠷᠡᠭᠲᠡᠢ ᠭᠡᠵᠦ ᠴᠢᠬᠤᠯᠠᠴᠢᠯᠠᠪᠠ᠃ ᠡᠭᠦᠨ ᠠᠴᠠ ᠭᠠᠳᠠᠨ᠎ᠠ | ᠂ ᠵᠠᠩ ᠴᠧᠩ ᠪᠠᠰᠠ ᠥᠪᠡᠷ ᠤᠨ ᠣᠯᠠᠨ ᠵᠢᠯ ᠤᠨ ᠰᠣᠨᠢᠨ ᠮᠡᠳᠡᠭᠡᠨ ᠤ ᠵᠣᠬᠢᠶᠠᠨ ᠪᠢᠴᠢᠯᠭᠡ ᠶᠢᠨ ᠲᠤᠷᠰᠢᠯᠭ᠎ᠠ ᠪᠠᠨ | ᠬᠤᠪᠢᠶᠠᠯᠴᠠᠵᠤ᠂ ᠡᠭᠦᠨ ᠳᠤ ᠬᠡᠷᠬᠢᠨ ᠰᠡᠳᠦᠪ ᠰᠣᠩᠭᠤᠬᠤ᠂ ᠬᠡᠷᠬᠢᠨ ᠰᠤᠷᠪᠤᠯᠵᠢᠯᠠᠬᠤ᠂ ᠰᠣᠨᠢᠨ ᠮᠡᠳᠡᠭᠡᠨ ᠤ ᠡᠬᠡ | ᠪᠢᠴᠢᠭ ᠢ ᠬᠡᠷᠬᠢᠨ ᠪᠢᠴᠢᠬᠦ ᠵᠡᠷᠭᠡ ᠲᠠᠯ᠎ᠠ ᠶᠢᠨ ᠤᠷ᠎ᠠ ᠮᠡᠷᠭᠡᠵᠢᠯ ᠢ ᠪᠠᠭᠲᠠᠭᠠᠵᠤ᠂ ᠰᠤᠷᠤᠭᠴᠢᠳ ᠲᠤ ᠶᠡᠭᠡ ᠠᠰᠢᠭ | ᠬᠦᠷᠲᠡᠭᠡᠪᠡ᠃ | ᠪᠣᠯᠪᠠᠰᠤᠷᠠᠯ ᠳᠠᠭᠤᠰᠤᠭᠰᠠᠨ ᠤ ᠳᠠᠷᠠᠭ᠎ᠠ᠂ ᠰᠤᠷᠤᠭᠴᠢᠳ ᠲᠤᠰ ᠤᠳᠠᠭᠠᠨ ᠤ ᠪᠣᠯᠪᠠᠰᠤᠷᠠᠯ ᠢᠶᠠᠷ ᠳᠠᠮᠵᠢᠨ᠂ | ᠰᠣᠨᠢᠨ ᠮᠡᠳᠡᠭᠡᠨ ᠤ ᠵᠣᠬᠢᠶᠠᠨ ᠪᠢᠴᠢᠯᠭᠡ ᠪᠠ ᠰᠣᠨᠢᠨ ᠮᠡᠳᠡᠭᠡᠨ ᠤ ᠭᠡᠷᠡᠯ ᠵᠢᠷᠤᠭ ᠤᠨ ᠲᠠᠯ᠎ᠠ ᠪᠠᠷ ᠴᠥᠮ ᠰᠢᠨ᠎ᠡ | ᠣᠯᠤᠯᠲᠠ ᠲᠠᠢ ᠪᠣᠯᠪᠠ ᠭᠡᠵᠦ ᠢᠯᠡᠳᠬᠡᠵᠡᠭᠡᠪᠡ᠃ ᠲᠡᠳᠡ ᠬᠢᠴᠢᠶᠡᠯ ᠤᠨ ᠠᠭᠤᠯᠭ᠎ᠠ ᠶᠢ ᠨᠠᠷᠢᠨ ᠬᠢᠨᠠᠮᠠᠭᠠᠢ ᠰᠤᠷᠤᠯᠴᠠᠨ | ᠣᠶᠢᠯᠠᠭᠠᠵᠤ᠂ ᠠᠵᠢᠯ ᠤᠨ ᠳᠤᠮᠳᠠ ᠥᠪᠡᠷ ᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠪᠣᠯᠤᠨ ᠲᠦᠪᠰᠢᠨ ᠢᠶᠠᠨ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠷᠢᠶᠡᠨ ᠬᠤᠳᠠ ᠶᠢᠨ ᠦᠯᠢᠭᠡᠷ ᠢ ᠰᠠᠶᠢᠲᠤᠷ ᠶᠠᠷᠢᠬᠤ᠂ ᠡᠷᠢᠶᠡᠨ ᠬᠤᠳᠠ ᠶᠢ | ᠰᠠᠶᠢᠲᠤᠷ ᠤᠬᠠᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠪᠡ᠃ |