ᠡᠷᠢᠶᠡᠨ ᠪᠣᠭᠤᠮᠲᠠ ᠶᠢᠨ ︽ᠬᠢᠯᠢ ᠶᠢᠨ ᠪᠠᠶᠢᠴᠠᠭᠠᠯᠲᠠ ᠨᠡᠪᠳᠡᠷᠡᠯᠴᠡᠬᠦ︾ ᠳᠠᠩᠰᠠᠯᠠᠯ ᠤᠨ ᠤᠷᠢᠳᠴᠢᠯᠠᠨ ᠪᠣᠯᠵᠣᠬᠤ ᠦᠢᠯᠡᠴᠢᠯᠡᠭᠡᠨ ᠤ ᠲᠠᠪᠴᠠᠩ ᠲᠤᠷᠰᠢᠨ ᠠᠵᠢᠯᠯᠠᠭᠤᠯᠵᠤ ᠪᠣᠭᠤᠮᠲᠠ ᠪᠠᠷ ᠥᠩᠭᠡᠷᠡᠬᠦ ᠶᠢ ᠳᠠᠬᠢᠨᠲᠠ ᠲᠦᠷᠭᠡᠳᠬᠡᠪᠡ
ᠨᠡᠶᠢᠲᠡᠯᠡᠭᠰᠡᠨ ᠴᠠᠭ᠄
2024/11/4
【 ᠲᠠᠪᠤᠨ ᠶᠡᠭᠡ ᠡᠭᠦᠷᠭᠡ ᠶᠢᠨ ᠠᠮᠵᠢᠯᠲᠠ ᠤᠯᠬᠤ ᠶᠢ ᠠᠬᠢᠭᠤᠯᠤᠨ᠎ᠠ 】      10 ᠳ᠋ᠤᠭᠠᠷ ᠰᠠᠷ᠎ᠠ ᠶᠢᠨ 31 ᠤ ᠡᠳᠦᠷ᠂ ᠡᠷᠢᠶᠡᠨ ᠬᠤᠲᠠ ᠶᠢᠨ ᠬᠢᠯᠢ ᠪᠠᠷ ᠨᠡᠪᠳᠡᠷᠡᠬᠦ ᠬᠢᠯᠢ ᠶᠢᠨ ᠬᠠᠮᠠᠭᠠᠯᠠᠯᠲᠠ ᠶᠢᠨ ᠰᠢᠯᠭᠠᠨ ᠪᠠᠶᠢᠴᠠᠭᠠᠬᠤ ᠥᠷᠲᠡᠭᠡ ᠠᠴᠠ ᠵᠢᠷᠤᠵᠤ ᠲᠥᠯᠥᠪᠯᠡᠨ ᠰᠤᠳᠤᠯᠤᠨ ᠨᠡᠭᠡᠭᠡᠭᠰᠡᠨ ︽ᠬᠢᠯᠢ ᠶᠢᠨ ᠪᠠᠶᠢᠴᠠᠭᠠᠯᠲᠠ ᠨᠡᠪᠲᠡᠷᠡᠯᠴᠡᠭᠡ︾ ᠶᠢᠨ ᠳᠠᠩᠰᠠᠯᠠᠭᠤᠯᠤᠨ ᠪᠣᠯᠵᠣᠬᠤ ᠦᠢᠯᠡᠴᠢᠯᠡᠭᠡᠨ ᠤ ᠲᠠᠪᠴᠠᠩ ᠲᠤᠷᠰᠢᠨ ᠠᠵᠢᠯᠯᠠᠭᠤᠯᠪᠠ᠃
    ᠳᠠᠩᠰᠠᠯᠠᠭᠤᠯᠵᠤ ᠪᠣᠯᠵᠣᠬᠤ ᠦᠢᠯᠡᠴᠢᠯᠡᠭᠡᠨ ᠤ ᠲᠠᠪᠴᠠᠩ ᠨᠢ ᠸᠢᠴᠠᠲ ᠤᠨ ᠵᠢᠵᠢᠭ ᠫᠷᠤᠭ᠍ᠷᠠᠮ᠂ ︽ᠮᠥᠩᠬᠡ ᠰᠤᠪᠠᠭ︾ APP᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠶᠢᠨ ᠰᠢᠰᠲ᠋ᠧᠮ ᠳᠤ ᠲᠦᠰᠢᠭᠯᠡᠨ᠂ ᠳᠠᠩᠰᠠᠯᠠᠭᠤᠯᠬᠤ᠂ ᠪᠣᠯᠵᠣᠬᠤ᠂ ᠭᠤᠶᠤᠴᠢᠯᠠᠨ ᠮᠡᠳᠡᠭᠦᠯᠬᠦ᠂ ᠬᠠᠮᠢᠶᠠᠷᠬᠤ᠂ ᠰᠠᠨᠠᠭᠤᠯᠬᠤ᠂ ᠵᠠᠷᠯᠠᠨ ᠨᠡᠶᠢᠲᠡᠯᠡᠬᠦ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠶ ᠦᠢᠯᠡᠴᠢᠯᠡᠭᠡᠨ ᠤ ᠬᠠᠮᠢᠶᠠᠷᠤᠯᠲᠠ ᠶᠢᠨ ᠲᠠᠪᠴᠠᠩ ᠢ ᠰᠢᠨ᠎ᠡ ᠪᠠᠷ ᠡᠭᠦᠳᠦᠨ ᠪᠠᠶᠢᠭᠤᠯᠤᠨ᠎ᠠ᠃ ᠲᠠᠪᠴᠠᠩ ᠨᠢ ︽ᠪᠣᠭᠤᠮᠲᠠ ᠶᠢᠨ ᠬᠢᠵᠠᠭᠠᠷᠯᠠᠭᠰᠠᠨ ᠣᠷᠣᠨ ᠪᠦᠰᠡ ᠶᠢᠨ ᠭᠤᠶᠤᠴᠢᠯᠠᠯ︾᠂ ︽ᠬᠢᠯᠢ ᠠᠯᠤᠰᠯᠠᠭᠰᠠᠨ ᠵᠢᠭᠤᠯᠴᠢᠯᠠᠯ ᠤᠨ ᠲᠤᠬᠠᠶᠢᠯᠠᠭᠰᠠᠨ ᠠᠵᠢᠯ ᠤᠨ ᠮᠡᠳᠡᠭᠦᠯᠦᠯᠳᠡ︾᠂ ︽ᠪᠠᠷᠠᠭᠠᠨ ᠤ ᠲᠡᠭᠡᠭᠡᠪᠦᠷᠢ ᠶᠢᠨ ᠲᠤᠬᠠᠶᠢᠯᠠᠭᠰᠠᠨ ᠠᠵᠢᠯ ᠤᠨ ᠮᠡᠳᠡᠭᠦᠯᠦᠯᠳᠡ︾᠂ ︽ᠬᠢᠯᠢ ᠶᠢᠨ ᠪᠠᠶᠢᠴᠠᠭᠠᠯᠲᠠ ᠶᠢᠨ ᠠᠯᠪᠠᠨ ᠵᠠᠷ ᠤᠨ ᠯᠠᠪᠯᠠᠯᠭ᠎ᠠ︾ ᠵᠡᠷᠭᠡ ᠳᠥᠷᠪᠡᠨ ᠶᠡᠭᠡ ᠬᠡᠷᠡᠭᠯᠡᠭᠡᠨ ᠤ ᠬᠡᠰᠡᠭ ᠢ ᠭᠠᠷᠭᠠᠪᠠ᠃ ᠡᠭᠦᠨ ᠳᠤ  ﹇ᠪᠣᠭᠤᠮᠲᠠ ᠶᠢᠨ ᠬᠢᠵᠠᠭᠠᠷᠯᠠᠭᠰᠠᠨ ᠣᠷᠣᠨ ᠪᠦᠰᠡ ᠳᠤ ᠣᠷᠣᠬᠤ ᠭᠤᠶᠤᠴᠢᠯᠠᠯ ᠢ ᠰᠦᠯᠵᠢᠶᠡᠨ ᠳᠡᠭᠡᠷ᠎ᠡ ᠭᠥᠯᠢᠶᠡᠨ ᠠᠪᠴᠤ ᠰᠢᠢᠳᠪᠦᠷᠢᠯᠡᠬᠦ᠂ ᠬᠢᠨᠠᠨ ᠵᠥᠪᠰᠢᠶᠡᠷᠡᠬᠦ᠂ ᠭᠠᠷ ᠤᠨ ᠥᠰᠥᠭ ᠵᠢᠷᠤᠬᠤ ᠶᠢ ᠬᠡᠷᠡᠭᠵᠢᠭᠦᠯᠵᠦ᠂ ᠦᠨᠡᠮᠯᠡᠯ ᠭᠦᠢᠴᠡᠳᠭᠡᠬᠦ ᠳᠤ ︽ᠥᠯᠥ ᠭᠦᠶᠦᠯᠭᠡᠬᠦ︾᠂ ︽ᠬᠦᠯᠢᠶᠡᠬᠦ ᠥᠬᠡᠶ︾ ︽ᠵᠠᠷᠤᠳᠠᠯ ᠥᠬᠡᠶ︾ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠪᠡᠶᠡᠯᠡᠭᠦᠯᠪᠡ︔ ︽ᠬᠢᠯᠢ ᠠᠯᠤᠰᠯᠠᠨ ᠵᠤᠭᠠᠴᠠᠬᠤ ᠲᠤᠬᠠᠶᠢᠯᠠᠭᠰᠠᠨ ᠠᠵᠢᠯ ᠢ ᠭᠤᠶᠤᠴᠢᠯᠠᠨ ᠮᠡᠳᠡᠭᠦᠯᠬᠦ︾ ︽ᠪᠠᠷᠠᠭᠠᠨ ᠤ ᠲᠡᠭᠡᠭᠡᠪᠦᠷᠢ ᠶᠢᠨ ᠲᠤᠬᠠᠶᠢᠯᠠᠭᠰᠠᠨ ᠠᠵᠢᠯ ᠢ ᠭᠤᠶᠤᠴᠢᠯᠠᠨ ᠮᠡᠳᠡᠭᠦᠯᠬᠦ︾ ᠵᠢᠭᠤᠯᠴᠢᠯᠠᠯ ᠤᠨ ᠪᠦᠯᠬᠦᠮ ᠳᠤᠭᠤᠶᠢᠯᠠᠩ᠂ ᠪᠠᠷᠠᠭᠠᠨ ᠤ ᠲᠡᠭᠡᠭᠡᠪᠦᠷᠢ ᠶᠢᠨ ᠵᠠᠮ ᠬᠠᠷᠢᠯᠴᠠᠭᠠᠨ ᠤ ᠪᠠᠭᠠᠵᠢ ᠶᠢᠨ ᠤᠷᠢᠳᠴᠢᠯᠠᠨ ᠮᠡᠳᠡᠭᠡᠯᠡᠬᠦ ᠮᠡᠳᠡᠭᠡ ᠵᠠᠩᠭᠢ ᠶᠢᠨ ᠬᠢᠵᠠᠭᠠᠷᠯᠠᠯ ᠢ ᠲᠦᠢᠯᠪᠤᠷᠢᠲᠠᠶ ᠰᠢᠢᠳᠪᠦᠷᠢᠯᠡᠬᠦ ᠶᠢᠨ ᠬᠠᠮᠲᠤ ︽ᠤᠷᠢᠳᠴᠢᠯᠠᠨ ᠮᠡᠳᠡᠭᠡᠯᠡᠵᠦ ᠤᠷᠢᠳᠴᠢᠯᠠᠨ ᠪᠠᠶᠢᠴᠠᠭᠠᠬᠤ᠂ ᠨᠠᠷᠢᠯᠢᠭ ᠣᠨᠣᠴᠠᠲᠠᠶ ᠪᠠᠷ ᠰᠠᠯᠭᠠᠨ ᠰᠠᠯᠭᠠᠬᠤ᠂ ᠲᠦᠷᠭᠡᠨ ᠨᠡᠪᠲᠡᠷᠡᠯᠴᠡᠬᠦ︾ ᠬᠢᠯᠢ ᠶᠢᠨ ᠪᠠᠶᠢᠴᠠᠭᠠᠯᠲᠠ ᠶᠢᠨ ᠦᠢᠯᠡᠴᠢᠯᠡᠭᠡᠨ ᠤ ᠠᠵᠢᠯ ᠤᠨ ᠵᠠᠭᠪᠤᠷ ᠢ ᠢᠵᠢ ᠪᠦᠷᠢᠳᠦᠭᠦᠯᠦᠨ ᠰᠤᠳᠤᠯᠤᠨ ᠬᠡᠷᠡᠭᠵᠢᠭᠦᠯᠵᠦ᠂ ᠦᠢᠯᠡᠴᠢᠯᠡᠬᠦ ᠡᠲᠡᠭᠡᠳ ᠲᠤ ︽ᠤᠷᠢᠳᠴᠢᠯᠠᠨ ᠮᠡᠳᠡᠭᠡᠯᠡᠬᠦ᠂ ᠤᠷᠢᠳᠴᠢᠯᠠᠨ ᠪᠣᠯᠵᠣᠵᠤ ᠪᠣᠭᠤᠮᠲᠠ ᠪᠠᠷ ᠥᠩᠭᠡᠷᠡᠭᠦᠯᠬᠦ︾ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠪᠥᠬᠦ ᠬᠦᠴᠦᠨ ᠢᠶᠠᠷ ᠢᠶᠠᠨ ᠬᠠᠩᠭᠠᠵᠤ᠂ ᠳᠥᠭᠦᠮ ᠳᠥᠲᠡ᠂ ᠴᠢᠨᠠᠷ ᠰᠠᠶᠢᠲᠠᠶ ᠪᠣᠭᠤᠮᠲᠠ ᠪᠠᠷ ᠥᠩᠭᠡᠷᠡᠬᠦ  ﹈ ᠬᠦᠴᠦᠨ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠪᠡ᠃
     ᠲᠤᠰ ᠡᠳᠦᠷ᠂ ᠮᠣᠩᠭᠤᠯ ᠤᠯᠤᠰ ᠪᠣᠯᠤᠨ ᠣᠷᠣᠰ ᠤᠨ 800 ᠵᠠᠯᠠᠭᠤᠴᠤᠳ ᠪᠠᠭᠠᠴᠤᠳ ᠢᠶᠠᠷ ᠪᠦᠷᠢᠯᠳᠦᠭᠰᠡᠨ ᠰᠤᠳᠤᠯᠤᠨ ᠰᠤᠷᠤᠯᠴᠠᠬᠤ ᠪᠦᠯᠬᠦᠮ ᠨᠢ ︽ᠬᠢᠯᠢ ᠶᠢᠨ ᠪᠠᠶᠢᠴᠠᠭᠠᠯᠲᠠ ᠬᠢᠵᠦ ᠨᠡᠪᠲᠡᠷᠡᠭᠦᠯᠬᠦ︾ ᠳᠠᠩᠰᠠᠯᠠᠭᠤᠯᠤᠨ ᠪᠣᠯᠵᠣᠬᠤ ᠦᠢᠯᠡᠴᠢᠯᠡᠭᠡᠨ ᠤ ᠲᠠᠪᠴᠠᠩ ᠳᠡᠭᠡᠷ᠎ᠡ ᠤᠷᠢᠳᠴᠢᠯᠠᠨ ᠪᠣᠯᠵᠣᠭᠰᠠᠨ ᠤ ᠳᠠᠷᠠᠭ᠎ᠠ᠂ ᠪᠣᠭᠤᠮᠲᠠ ᠪᠠᠷ ᠲᠦᠷᠭᠡᠨ ᠥᠩᠭᠡᠷᠡᠬᠦ ᠶᠢ ᠪᠡᠶᠡᠯᠡᠭᠦᠯᠪᠡ᠃      ᠢ ᠯᠢᠨ ᠣᠯᠠᠨ ᠤᠯᠤᠰ ᠤᠨ ᠵᠢᠭᠤᠯᠴᠢᠯᠠᠯ ᠤᠨ ᠬᠤᠷᠢᠶᠠᠨ ᠤ ᠶᠡᠷᠦᠩᠬᠡᠶ ᠳᠠᠭᠠᠭᠠᠮᠠᠯ ᠵᠢᠶᠠᠩ ᠰᠢᠶᠤᠤ ᠬᠤᠩ᠄ ︽ᠣᠲᠣ ᠮᠠᠨ ᠤ ᠵᠢᠭᠤᠯᠴᠢᠯᠠᠯ ᠤᠨ ᠪᠦᠯᠬᠦᠮ ᠤᠨ ᠬᠢᠯᠢ ᠪᠠᠷ ᠣᠷᠣᠵᠤ ᠭᠠᠷᠬᠤ ᠨᠢ ᠴᠥᠮ ︿ᠬᠢᠯᠢ ᠶᠢᠨ ᠪᠠᠶᠢᠴᠠᠭᠠᠯᠲᠠ ᠨᠡᠪᠲᠡᠷᠡᠯᠴᠡᠭᠡ﹀ ᠶᠢᠨ ᠳᠠᠩᠰᠠᠯᠠᠭᠤᠯᠤᠨ ᠪᠣᠯᠵᠣᠬᠤ ᠦᠢᠯᠡᠴᠢᠯᠡᠭᠡᠨ ᠤ ᠲᠠᠪᠴᠠᠩ ᠢ ᠰᠠᠨᠠᠭᠠᠴᠢᠯᠠᠭ᠎ᠠ ᠠᠴᠠ ᠪᠠᠨ ᠬᠡᠷᠡᠭᠯᠡᠨ ᠤᠷᠢᠳᠴᠢᠯᠠᠨ ᠮᠡᠳᠡᠭᠡᠯᠡᠵᠦ ᠪᠡᠯᠡᠳᠬᠡᠨ᠎ᠡ᠂ ᠬᠢᠯᠢ ᠶᠢᠨ ᠪᠠᠶᠢᠴᠠᠭᠠᠯᠲᠠ ᠶᠢᠨ ᠬᠤᠷᠠᠯ ᠨᠢ ᠪᠢᠳᠡᠨ ᠳᠤ ᠤᠷᠢᠳᠴᠢᠯᠠᠨ ᠳᠠᠩᠰᠠᠯᠠᠭᠤᠯᠬᠤ ᠪᠠ ᠤᠷᠢᠳᠴᠢᠯᠠᠨ ᠪᠣᠯᠵᠣᠵᠤ ᠪᠣᠭᠤᠮᠲᠠ ᠪᠠᠷ ᠥᠩᠭᠡᠷᠡᠬᠦ ᠶᠢ ᠬᠦᠰᠡᠵᠦ ᠪᠠᠶᠢᠨ᠎ᠠ᠂ ᠵᠤᠭᠠᠴᠠᠭᠰᠠᠳ ᠬᠢᠯᠢ ᠶᠢᠨ ᠪᠣᠭᠤᠮᠲᠠ ᠶᠢᠨ ᠲᠠᠯ᠎ᠠ ᠪᠠᠷ ᠪᠣᠭᠤᠮᠲᠠ ᠶᠢ ᠬᠦᠯᠢᠶᠡᠬᠦ ᠴᠠᠭ ᠢᠶᠠᠨ ᠪᠠᠭᠠᠰᠬᠠᠵᠤ᠂ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠦᠨ᠂ ᠪᠢᠳᠡᠨ ᠤ ᠬᠢᠯᠢ ᠠᠯᠤᠰᠯᠠᠭᠰᠠᠨ ᠵᠢᠭᠤᠯᠴᠢᠯᠠᠯ ᠬᠢᠬᠦ ᠢᠲᠡᠭᠡᠯ ᠪᠠ ᠢᠳᠡ ᠬᠦᠴᠦᠨ ᠢ ᠨᠡᠮᠡᠭᠳᠡᠭᠦᠯᠵᠦ᠂ ᠡᠷᠢᠶᠡᠨ ᠤ ᠬᠢᠯᠢ ᠠᠯᠤᠰᠯᠠᠭᠰᠠᠨ ᠵᠢᠭᠤᠯᠴᠢᠯᠠᠯ ᠨᠠᠩ ᠶᠡᠭᠡ ᠥᠷᠢᠰᠦᠯᠳᠦᠬᠦ ᠬᠦᠴᠦᠨ ᠲᠠᠢ ᠪᠣᠯᠵᠠᠢ︾ ᠭᠡᠵᠦ ᠬᠡᠯᠡᠪᠡ᠃
    ︽ᠬᠢᠯᠢ ᠶᠢᠨ ᠪᠠᠶᠢᠴᠠᠭᠠᠬᠤ ᠨᠡᠪᠳᠡᠷᠡᠬᠦ︾ ᠳᠠᠩᠰᠠᠯᠠᠭᠤᠯᠤᠨ ᠪᠣᠯᠵᠣᠬᠤ ᠦᠢᠯᠡᠴᠢᠯᠡᠭᠡᠨ ᠤ ᠲᠠᠪᠴᠠᠩ ᠢ ᠰᠤᠳᠤᠯᠤᠨ ᠨᠡᠭᠡᠭᠡᠵᠦ ᠬᠡᠷᠡᠭᠯᠡᠬᠦ ᠨᠢ ᠨᠡᠭᠦᠳᠡᠯ ᠠᠷᠠᠳ ᠤᠨ ᠬᠠᠮᠢᠶᠠᠷᠤᠯᠲᠠ ᠶᠢᠨ ︽ᠲᠤᠰᠬᠠᠶ ᠮᠡᠷᠭᠡᠵᠢᠯ ᠤᠨ ᠲᠣᠭᠲᠠᠴᠠ ᠶᠢᠨ ᠲᠣᠮᠣ ᠳ᠋ᠠᠶᠢᠲ᠋ᠠ︾ ᠶᠢᠨ ᠰᠢᠨ᠎ᠡ ᠬᠡᠯᠪᠡᠷᠢ ᠶᠢᠨ ᠴᠠᠭᠳᠠᠭᠠᠨ ᠤ ᠶᠠᠪᠤᠳᠠᠯ ᠤᠨ ᠠᠵᠢᠯᠯᠠᠭᠠᠨ ᠤ ᠵᠠᠭᠪᠤᠷ ᠲᠤ ᠰᠢᠨ᠎ᠡ ᠶᠢ ᠡᠭᠦᠳᠦᠨ ᠠᠬᠢᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠴᠢᠨᠠᠷ ᠰᠠᠶᠢᠲᠠᠶ᠂ ᠳᠥᠭᠦᠮ ᠳᠥᠲᠡ᠂ ᠥᠨᠳᠥᠷ ᠪᠦᠲᠦᠮᠵᠢᠲᠡᠶ ᠪᠣᠭᠤᠮᠲᠠ ᠶᠢᠨ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠵᠤ᠂ ᠨᠠᠩ ᠣᠯᠠᠨ ᠵᠠᠬ᠎ᠠ ᠳᠡᠯᠭᠡᠭᠦᠷ ᠤᠨ ᠭᠤᠤᠯ ᠴᠣᠭᠴᠠ ᠵᠢᠴᠢ ᠬᠢᠯᠢ ᠪᠠᠷ ᠣᠷᠣᠵᠤ ᠭᠠᠷᠬᠤ ᠬᠥᠮᠦᠰ ᠲᠤ ᠠᠰᠢᠭ ᠬᠦᠷᠲᠡᠭᠡᠵᠦ ᠂ ᠨᠠᠩ ᠲᠣᠭᠲᠠᠭᠤᠨ᠂ ᠡᠷᠬᠡ ᠲᠡᠭᠰᠢ᠂ ᠢᠯᠡ ᠲᠣᠳᠣ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠣᠶ ᠪᠣᠯᠭᠠᠵᠤ ᠂ ᠪᠣᠭᠤᠮᠲᠠ ᠪᠠᠷ ᠥᠩᠭᠡᠷᠡᠬᠦ ᠶᠡᠭᠡ ᠬᠤᠷᠳᠤᠴᠠ ᠪᠠᠷ ᠪᠣᠭᠤᠮᠲᠠ ᠶᠢᠨ ᠴᠢᠨᠠᠷ ᠰᠠᠶᠢᠲᠠᠶ ᠬᠥᠭᠵᠢᠯᠲᠡ ᠳᠤ ᠦᠷᠭᠦᠯᠵᠢᠯᠡᠨ ᠬᠥᠳᠡᠯᠭᠡᠬᠦ ᠬᠦᠴᠦᠨ ᠬᠠᠩᠭᠠᠨ᠎ᠠ᠃      ᠣᠳᠣᠬᠠᠨ ᠪᠣᠯᠲᠠᠯ᠎ᠠ᠂ ᠲᠣᠰ ᠲᠠᠪᠴᠠᠩ ᠳᠤ ᠨᠢᠭᠡᠨᠲᠡ 1088 ᠬᠡᠷᠡᠭᠯᠡᠭᠴᠢ ᠶᠢᠨ ᠳᠠᠩᠰᠠᠯᠠᠭᠤᠯᠵᠤ᠂ ᠬᠢᠯᠢ ᠠᠯᠤᠰᠯᠠᠭᠰᠠᠨ ᠵᠢᠭᠤᠯᠴᠢᠯᠠᠯ ᠤᠨ ᠬᠤᠷᠢᠶ᠎ᠠ 10᠂ ᠬᠢᠯᠢ ᠠᠯᠤᠰᠯᠠᠭᠰᠠᠨ ᠲᠡᠭᠡᠭᠡᠪᠦᠷᠢ ᠶᠢᠨ ᠠᠵᠤ ᠠᠬᠤᠶᠢᠯᠠᠯ 68 ᠳᠠᠩᠰᠠᠯᠠᠭᠤᠯᠵᠤ᠂ ᠬᠢᠯᠢ ᠠᠯᠤᠰᠯᠠᠭᠰᠠᠨ ᠵᠢᠭᠤᠯᠴᠢᠯᠠᠯ ᠤᠨ ᠲᠤᠬᠠᠶᠢᠯᠠᠭᠰᠠᠨ ᠠᠵᠢᠯ ᠢ 17 ᠤᠳᠠᠭ᠎ᠠ᠂ ᠵᠠᠰᠠᠮᠠᠯ ᠵᠠᠮ ᠤᠨ ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ ᠶᠢᠨ ᠲᠤᠬᠠᠶᠢᠯᠠᠭᠰᠠᠨ ᠠᠵᠢᠯ ᠢ 667 ᠤᠳᠠᠭ᠎ᠠ᠂ ᠲᠡᠮᠦᠷ ᠵᠠᠮ ᠤᠨ ᠪᠠᠷᠠᠭᠠᠨ ᠤ ᠲᠡᠭᠡᠭᠡᠪᠦᠷᠢ ᠶᠢᠨ ᠲᠤᠬᠠᠶᠢᠯᠠᠭᠰᠠᠨ ᠠᠵᠢᠯ ᠢ 407 ᠤᠳᠠᠭ᠎ᠠ ᠬᠢᠨᠠᠨ ᠬᠠᠷᠭᠤᠭᠤᠯᠬᠤ ᠪᠠᠷ ᠮᠡᠳᠡᠭᠦᠯᠦᠭᠰᠡᠨ ᠪᠠ ᠬᠢᠨᠠᠨ ᠬᠠᠷᠭᠤᠭᠤᠯᠪᠠ᠃      
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号