ᠡᠷᠢᠶᠡᠨ ᠬᠤᠲᠠ 2024 ᠣᠨ ᠤ ᠲᠦᠷᠦᠭᠦᠦ ᠭᠤᠷᠪᠠᠨ ᠤᠯᠠᠷᠢᠯ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠲᠣᠭᠲᠠᠭᠤᠨ ᠢᠶᠠᠷ ᠨᠡᠮᠡᠭᠳᠡᠬᠦ ᠶᠢ ᠪᠠᠲᠤᠯᠠᠪᠠ
ᠨᠡᠶᠢᠲᠡᠯᠡᠭᠰᠡᠨ ᠴᠠᠭ᠄
2024/11/4
      ᠡᠨᠡ ᠵᠢᠯ ᠠᠴᠠ ᠨᠠᠰᠢ᠂ ᠮᠠᠨ ᠤ ᠬᠤᠲᠠ ᠪᠦᠲᠦᠴᠡ ᠶᠢ ᠲᠣᠬᠢᠷᠠᠭᠤᠯᠬᠤ᠂ ᠬᠡᠷᠡᠭᠯᠡᠭᠡ ᠶᠢ ᠠᠬᠢᠭᠤᠯᠬᠤ᠂ ᠨᠡᠮᠡᠭᠳᠡᠯ ᠢ ᠲᠣᠭᠲᠠᠪᠤᠷᠢᠵᠢᠭᠤᠯᠬᠤ ᠠᠵᠢᠯ ᠤᠨ ᠰᠡᠳᠬᠢᠴᠡ ᠪᠠᠨ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠣᠭᠤᠮᠲᠠ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠬᠤᠲᠠ ᠶᠢᠨ ᠨᠠᠮ ᠤᠨ ᠬᠤᠷᠢᠶ᠎ᠠ ᠂ ᠬᠤᠲᠠ ᠶᠢᠨ ᠵᠠᠰᠠᠭ ᠤᠨ ᠣᠷᠳᠣᠨ ᠤ ᠬᠡᠷᠡᠭᠯᠡᠭᠡ ᠶᠢ ᠠᠬᠢᠭᠤᠯᠬᠤ ᠣᠯᠠᠨ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠠᠬᠢᠭᠤᠯᠤᠯ ᠳᠣᠣᠷ᠎ᠠ᠂ ᠬᠡᠷᠡᠭᠯᠡᠭᠡ ᠶᠢᠨ ᠳᠡᠰ ᠳᠡᠪᠰᠢᠬᠦ ᠶᠢ ᠶᠡᠬᠡᠪᠡᠷ ᠠᠬᠢᠭᠤᠯᠵᠤ᠂ ᠬᠡᠷᠡᠭᠯᠡᠭᠡᠨ ᠤ ᠵᠠᠭᠪᠤᠷ ᠤᠨ ᠰᠢᠨ᠎ᠡ ᠶᠢ ᠡᠭᠦᠳᠴᠦ᠂ ᠰᠥᠨᠢ ᠶᠢᠨ ᠵᠠᠬ᠎ᠠ ᠳᠡᠯᠭᠡᠭᠦᠷ ᠤᠨ ᠠᠵᠤ ᠠᠬᠤᠢ ᠶᠢ ᠬᠥᠭᠵᠢᠭᠦᠯᠵᠦ᠂ ᠠᠶᠠᠨᠴᠢᠳ ᠢ ᠵᠠᠬ᠎ᠠ ᠳᠡᠯᠭᠡᠭᠦᠷ ᠲᠤ ᠲᠠᠲᠠᠨ ᠣᠷᠣᠭᠤᠯᠵᠤ᠂ ᠬᠡᠷᠡᠭᠯᠡᠭᠡᠨ ᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠬᠡᠷᠡᠭᠯᠡᠭᠡᠨ ᠤ ᠣᠷᠴᠢᠨ ᠲᠣᠭᠤᠷᠢᠨ ᠢ ᠪᠣᠶ ᠪᠣᠯᠭᠠᠵᠤ᠂ ᠰᠠᠭᠤᠭᠠᠯᠢ ᠠᠷᠠᠳ ᠤᠨ ᠬᠡᠷᠡᠭᠯᠡᠭᠡᠨ ᠤ ᠬᠡᠷᠡᠭᠴᠡᠭᠡ ᠪᠦᠲᠦᠮᠵᠢᠲᠡᠢ ᠨᠡᠮᠡᠭᠳᠡᠵᠦ᠂ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠲᠣᠭᠲᠠᠭᠤᠨ ᠢᠶᠠᠷ ᠨᠡᠮᠡᠭᠳᠡᠬᠦ ᠶᠢ ᠪᠠᠲᠤᠯᠠᠪᠠ᠃ ᠲᠦᠷᠦᠭᠦᠤ ᠭᠤᠷᠪᠠᠨ ᠤᠯᠠᠷᠢᠯ ᠳᠤ᠂ ᠮᠠᠨ ᠤ ᠬᠤᠲᠠ ᠶᠢᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 16.68 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2% ᠢᠶᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ ᠬᠢ ᠠᠴᠠ 0.8 ᠵᠠᠭᠤᠨ ᠤ ᠨᠢᠭᠡᠴᠢ ᠥᠨᠳᠥᠷ ᠪᠣᠯᠵᠤ᠂ ᠪᠥᠬᠦ ᠠᠶᠢᠮᠠᠭ ᠤᠨ ᠭᠤᠷᠪᠠᠳᠤᠭᠠᠷ ᠲᠤ ᠣᠷᠣᠪᠠ᠃ ᠬᠡᠷᠡᠭᠯᠡᠭᠡᠨ ᠤ ᠲᠥᠷᠥᠯ ᠬᠡᠯᠪᠡᠷᠢ ᠠᠴᠠ ᠦᠵᠡᠪᠡᠯ᠄ ᠲᠠᠸᠠᠷ ᠤᠨ ᠵᠢᠵᠢᠭᠯᠡᠨ ᠪᠤᠷᠤᠯᠠᠭᠤᠯᠤᠯᠲᠠ 14.23 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.97% ᠪᠠᠷ ᠨᠡᠮᠡᠭᠳᠡᠪᠡ︔ ᠢᠳᠡᠭᠡᠨ ᠤᠮᠳᠠᠭᠠᠨ ᠤ ᠣᠷᠣᠯᠭ᠎ᠠ 2.45 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.6% ᠪᠠᠷ ᠨᠡᠮᠡᠭᠳᠡᠪᠡ᠃ ᠲᠠᠸᠠᠷ ᠤᠨ ᠵᠢᠵᠢᠭᠯᠡᠨ ᠬᠤᠳᠠᠯᠳᠤᠬᠤ ᠲᠥᠷᠥᠯ ᠤᠨ ᠬᠡᠮᠵᠢᠭᠳᠡᠯ ᠠᠴᠠ ᠦᠵᠡᠪᠡᠯ᠄ ᠰᠠᠭᠤᠭᠠᠯᠢ ᠠᠷᠠᠳ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠠᠮᠤ ᠲᠣᠰᠣ ᠢᠳᠡᠭᠡᠨ ᠤ ᠵᠦᠢᠯ᠂ ᠠᠷᠢᠬᠢ ᠲᠠᠮᠠᠬᠢ᠂ ᠤᠮᠳᠠᠭᠠᠨ ᠤ ᠵᠦᠢᠯ᠂ ᠬᠤᠪᠴᠠᠰᠤ ᠬᠤᠨᠠᠷ ᠱᠠᠬᠠᠢ ᠶᠢᠨ ᠵᠦᠢᠯ᠂ ᠡᠳᠦᠷ ᠲᠤᠲᠤᠮ ᠤᠨ ᠵᠠᠰᠠᠯ ᠴᠢᠮᠡᠭ ᠤᠨ ᠵᠦᠢᠯ ᠤᠨ ᠲᠠᠸᠠᠷ ᠠᠳᠠᠯᠢ ᠬᠤᠭᠤᠴᠠᠭᠠᠨ ᠤ ᠬᠢ ᠠᠴᠠ ᠲᠣᠰ ᠲᠣᠰ 17%᠂ 16%᠂ 17%᠂ 13%᠂ 14% ᠪᠠᠷ ᠨᠡᠮᠡᠭᠳᠡᠪᠡ᠃      ᠶᠡᠷᠦᠩᠬᠡᠶ ᠳᠤᠨᠢ ᠠᠪᠴᠤ ᠦᠵᠡᠪᠡᠯ᠂ ᠮᠠᠨ ᠤ ᠬᠤᠲᠠ ᠶᠢᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠠᠵᠢᠯᠯᠠᠭᠠᠨ ᠶᠡᠷᠦᠩᠬᠡᠶ ᠳᠡᠭᠡᠨ ᠲᠣᠭᠲᠠᠭᠤᠨ ᠪᠠᠶᠢᠭ᠎ᠠ ᠪᠣᠯᠪᠠᠴᠤ ᠪᠠᠰᠠ ᠵᠠᠷᠢᠮ ᠬᠦᠴᠢᠷᠳᠡᠯ ᠪᠠ ᠥᠷᠢᠰᠥᠯᠳᠦᠭᠡᠨ ᠳᠤ ᠲᠤᠯᠭᠠᠷᠠᠵᠤ ᠪᠠᠶᠢᠨ᠎ᠠ᠂ ᠨᠢᠭᠡ ᠳᠤ ᠡᠯᠧᠺᠲᠷᠦᠨ ᠬᠤᠳᠠᠯᠳᠤᠭᠠᠨ ᠤ ᠶᠠᠪᠤᠳᠠᠯ ᠨᠢ ᠤᠯᠠᠮᠵᠢᠯᠠᠯᠲᠤ ᠠᠵᠢᠯ ᠲᠥᠷᠥᠯ ᠢ ᠨᠥᠯᠥᠭᠡᠯᠡᠵᠦ᠂ ᠬᠡᠰᠡᠭ ᠤᠯᠠᠮᠵᠢᠯᠠᠯᠲᠤ ᠳᠡᠯᠭᠡᠭᠦᠷ ᠠᠶᠠᠨᠴᠢᠳ ᠤᠨ ᠲᠤᠭ᠎ᠠ ᠪᠠᠭᠠᠰᠴᠤ᠂ ᠡᠭᠦᠨ ᠤ ᠤᠯᠠᠮ ᠠᠴᠠ ᠠᠵᠢᠯ ᠢᠶᠠᠨ ᠵᠣᠭᠰᠣᠭᠠᠬᠤ ᠪᠤᠶᠤ ᠡᠭᠦᠳᠡ ᠪᠠᠨ ᠬᠠᠭᠠᠵᠠᠢ︔ ᠬᠤᠶᠠᠷ ᠲᠤ ᠬᠡᠷᠡᠭᠯᠡᠭᠴᠢᠳ ᠤᠨ ᠬᠡᠷᠡᠭᠯᠡᠭᠡᠨ ᠤ ᠢᠲᠡᠭᠡᠯ ᠬᠦᠷᠦᠯᠴᠡᠬᠦ ᠥᠬᠡᠶ ᠪᠠᠶᠢᠵᠤ᠂ ᠲᠠᠰ ᠳᠡᠪᠰᠢᠭᠦᠯᠬᠦ ᠲᠥᠷᠥᠯ ᠤᠨ ᠲᠠᠸᠠᠷ ᠤᠨ ᠬᠡᠷᠡᠭᠯᠡᠭᠡ ᠶᠢ ᠨᠠᠩ ᠢᠯᠡᠭᠦᠦ ᠪᠠᠷᠢᠮᠲᠠᠯᠠᠨ᠎ᠠ᠂ ᠭᠤᠷᠪᠠ ᠳᠤ ᠬᠡᠷᠡᠭᠯᠡᠭᠡᠨ ᠤ ᠵᠠᠭᠪᠤᠷ ᠬᠡᠯᠪᠠᠶᠢᠵᠦ᠂ ᠬᠡᠷᠡᠭᠯᠡᠭᠡᠨ ᠤ ᠢᠳᠡᠪᠬᠢᠵᠢᠯ ᠤᠨ ᠬᠡᠮᠵᠢᠶ᠎ᠡ ᠬᠦᠷᠦᠯᠴᠡᠬᠦ ᠥᠬᠡᠶ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠬᠡᠷᠡᠭᠯᠡᠭᠡ ᠶᠢ ᠠᠬᠢᠭᠤᠯᠬᠤ ᠰᠢᠷᠢᠰ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠭᠡᠷ ᠤᠨ ᠬᠡᠷᠡᠭᠰᠡᠯ᠂ ᠭᠡᠷ ᠤᠨ ᠴᠠᠬᠢᠯᠭᠠᠨ ᠬᠡᠷᠡᠭᠰᠡᠯ ᠵᠡᠷᠭᠡ ᠭᠤᠣᠯᠳᠠᠯᠭ᠎ᠠ ᠲᠠᠢ ᠬᠦᠷᠢᠶ᠎ᠡ ᠵᠢᠴᠢ ᠤᠯᠠᠨ ᠨᠡᠶᠢᠲᠡ ᠶᠢᠨ ᠬᠡᠷᠡᠭᠯᠡᠭᠡᠨ ᠤ ᠵᠠᠬ᠎ᠠ ᠳᠡᠯᠭᠡᠭᠦᠷ ᠲᠤ ᠠᠩᠬᠠᠷᠤᠯ ᠢᠶᠠᠨ ᠲᠥᠪᠯᠡᠷᠡᠭᠦᠯᠵᠦ᠂ ᠬᠡᠷᠡᠭᠯᠡᠭᠡᠨ ᠤ ᠲᠡᠮᠳᠡᠭᠲᠦ ᠲᠠᠷᠬᠠᠭᠠᠵᠤ᠂ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠬᠥᠭᠵᠢᠭᠡᠵᠦ᠂ ᠰᠠᠭᠤᠭᠠᠯᠢ ᠠᠷᠠᠳ ᠤᠨ ᠬᠡᠷᠡᠭᠯᠡᠭᠡᠨ ᠤ ᠬᠦᠰᠡᠯ ᠰᠠᠨᠠᠭ᠎ᠠ ᠶᠢ ᠴᠢᠩᠭᠠᠷᠠᠭᠤᠯᠤᠨ᠎ᠠ᠃ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠬᠡᠷᠡᠭᠯᠡᠭᠡ ᠶᠢ ᠶᠡᠬᠡᠪᠡᠷ ᠠᠬᠢᠭᠤᠯᠵᠤ᠂ ᠰᠠᠭᠤᠭᠠᠯᠢ ᠠᠷᠠᠳ ᠤᠨ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠪᠠᠳᠠᠷᠠᠭᠤᠯᠤᠨ᠂ ᠲᠣᠰ ᠭᠠᠵᠠᠷ ᠤᠨ ᠰᠣᠶᠣᠯ ᠵᠢᠭᠤᠯᠴᠢᠯᠠᠯ ᠤᠨ ᠠᠵᠢᠯ ᠲᠥᠷᠥᠯ ᠤᠨ ᠬᠥᠭᠵᠢᠯᠲᠡ ᠳᠤ ᠬᠦᠴᠦᠨ ᠨᠡᠮᠡᠷᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠬᠡᠷᠡᠭᠯᠡᠭᠡᠨ ᠤ ᠨᠡᠮᠡᠭᠳᠡᠯ ᠤᠨ ᠴᠡᠭ ᠢ ᠪᠣᠶ ᠪᠣᠯᠭᠠᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号