2024 ᠣᠨ ᠤ ᠭᠤᠷᠪᠠᠳᠤᠭᠠᠷ ᠤᠯᠠᠷᠢᠯ ᠤᠨ ᠰᠡᠭᠦᠯᠴᠢ ᠪᠣᠯᠲᠠᠯ᠎ᠠ᠂ ᠮᠠᠨ ᠤ ᠬᠤᠲᠠ ᠶᠢᠨ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠤᠭ᠎ᠠ 18 ᠪᠣᠯᠪᠠ᠂ ᠡᠭᠦᠨ ᠳᠤ᠄ ᠶᠢᠨ ᠢᠦᠶ | ᠠᠭᠤᠷᠬᠠᠢ ᠶᠢᠨ ᠦᠢᠯᠡᠰ 9 ᠰᠠᠷ᠎ᠠ ᠳᠤ ᠰᠢᠨ᠎ᠡ ᠪᠠᠷ ᠪᠠᠶᠢᠭᠤᠯᠤᠨ ᠨᠢᠭᠡᠳᠴᠦ᠂ ᠠᠵᠤ ᠦᠢᠯᠡᠳᠪᠦᠷᠢ ᠶᠢᠨ | ᠨᠡᠮᠡᠭᠳᠡᠯ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠦᠢᠯᠡᠳᠬᠦᠨ ᠤ ᠶᠡᠷᠦᠩᠬᠡᠶ ᠥᠷᠲᠡᠭ ᠠᠳᠠᠯᠢ ᠬᠤᠭᠤᠴᠠᠭᠠᠨ ᠤ ᠬᠢ ᠠᠴᠠ 66.2% ᠪᠠᠷ ᠨᠡᠮᠡᠭᠳᠡᠨ᠂ ᠪᠥᠬᠦ | ᠠᠶᠢᠮᠠᠭ ᠤᠨ 52.7 ᠵᠠᠭᠤᠨ ᠤ ᠨᠢᠭᠡᠴᠢ ᠥᠨᠳᠥᠷ ᠪᠣᠯᠵᠤ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ | ᠲᠡᠷᠢᠭᠦᠨ ᠳᠤ ᠣᠷᠣᠪᠠ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ | ᠨᠡᠮᠡᠭᠳᠡᠯ ᠤᠨ ᠬᠤᠷᠳᠤᠴᠠ ᠨᠢ 74.5% ᠳᠤ ᠬᠦᠷᠴᠦ᠂ ᠪᠥᠬᠦ ᠠᠶᠢᠮᠠᠭ ᠤᠨ 66.9 ᠵᠠᠭᠤᠨ ᠤ ᠬᠤᠪᠢ ᠶᠢᠨ ᠴᠡᠭ | ᠥᠨᠳᠥᠷ ᠪᠣᠯᠵᠤ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ ᠨᠢᠭᠡᠳᠦᠭᠡᠷ ᠲᠤ ᠣᠷᠣᠵᠤ᠂ ᠲᠦᠷᠦᠭᠦᠤ | ᠭᠤᠷᠪᠠᠨ ᠤᠯᠠᠷᠢᠯ ᠳᠤ ᠨᠡᠯᠢᠶᠡᠳ ᠲᠦᠷᠭᠡᠨ ᠨᠡᠮᠡᠭᠳᠡᠯ ᠤᠨ ᠬᠤᠷᠳᠤᠴᠠ ᠲᠠᠢ ᠪᠣᠯᠵᠣ᠂ ᠠᠵᠢᠯᠯᠠᠭᠠᠨ ᠨᠢ ᠳᠣᠤᠷᠠᠬᠢ | ᠣᠨᠴᠠᠯᠢᠭ ᠲᠠᠢ᠄ | ᠨᠢᠭᠡ᠂ ᠲᠡᠮᠦᠷ ᠤᠨ ᠠᠭᠤᠷᠬᠠᠢ ᠶᠢᠨ ᠬᠦᠳᠡᠷ ᠰᠢᠯᠢᠬᠦ ᠨᠡᠮᠡᠭᠳᠡᠯ ᠬᠦᠴᠦᠲᠡᠢ ᠪᠠᠶᠢᠨ᠎ᠠ᠃ ᠲᠦᠷᠦᠭᠦᠤ ᠭᠤᠷᠪᠠᠨ | ᠤᠯᠠᠷᠢᠯ ᠳᠤ᠂ ᠲᠡᠮᠦᠷ ᠤᠨ ᠬᠦᠳᠡᠷ ᠪᠣᠯᠪᠠᠰᠤᠷᠠᠭᠤᠯᠬᠤ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ | ᠦᠢᠯᠡᠳᠬᠦᠨ ᠤ ᠶᠡᠷᠦᠩᠬᠡᠶ ᠥᠷᠲᠡᠭ ᠠᠳᠠᠯᠢ ᠬᠤᠭᠤᠴᠠᠭᠠᠨ ᠤ ᠬᠢ ᠠᠴᠠ 150.37% ᠪᠠᠷ ᠨᠡᠮᠡᠭᠳᠡᠵᠡᠶ᠂ | ᠡᠭᠦᠨ ᠳᠤ᠄ ᠪᠥᠮᠪᠥᠭᠡᠯᠢᠭ ᠪᠦᠯᠦᠭᠯᠡᠯ 31.61 ᠲᠦᠮᠡᠨ ᠲᠣᠨ ᠦᠢᠯᠡᠳᠪᠦᠷᠢᠯᠡᠵᠦ᠂ ᠴᠡᠪᠡᠷ ᠨᠡᠮᠡᠭᠳᠡᠯ ᠢ | ᠪᠡᠶᠡᠯᠡᠭᠦᠯᠪᠡ︔ ᠲᠡᠮᠦᠷ ᠤᠨ ᠨᠠᠷᠢᠨ ᠨᠤᠨᠲᠠᠭ 157.98 ᠲᠦᠮᠡᠨ ᠲᠣᠨ ᠦᠢᠯᠡᠳᠪᠦᠷᠢᠯᠡᠵᠦ᠂ ᠠᠳᠠᠯᠢ | ᠬᠤᠭᠤᠴᠠᠭᠠᠨ ᠤ ᠬᠢ ᠠᠴᠠ 14.81% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠤᠨ ᠨᠡᠮᠡᠭᠳᠡᠯ ᠢ ᠳᠠᠶᠢᠴᠢᠯᠠᠪᠠ᠃ | ᠬᠤᠶᠠᠷ᠂ ᠨᠤᠤᠰᠤ ᠨᠤᠯᠤᠤᠷ ᠢ ᠪᠤᠯᠪᠠᠰᠤᠷᠠᠬᠤᠯᠬᠤ ᠠᠵᠢᠯ ᠢᠯᠡᠳᠲᠡ ᠨᠡᠮᠡᠭᠳᠡᠪᠡ᠃ ᠲᠦᠷᠦᠭᠦᠤ ᠭᠤᠷᠪᠠᠨ | ᠤᠯᠠᠷᠢᠯ ᠳᠤ᠂ ᠨᠣᠯᠤᠤᠷ ᠪᠣᠯᠪᠠᠰᠤᠷᠠᠭᠤᠯᠬᠤ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠦᠢᠯᠡᠳᠬᠦᠨ ᠤ | ᠶᠡᠷᠦᠩᠬᠡᠶ ᠥᠷᠲᠡᠭ ᠠᠳᠠᠯᠢ ᠬᠤᠭᠤᠴᠠᠭᠠᠨ ᠤ ᠬᠢ ᠠᠴᠠ 33.05% ᠪᠠᠷ ᠨᠡᠮᠡᠭᠳᠡᠵᠡᠶ᠂ ᠡᠭᠦᠨ ᠳᠤ᠄ ᠨᠣᠤᠰᠣ | ᠥᠬᠡᠶ ᠨᠣᠯᠤᠤᠷ 561.47 ᠲᠣᠨ ᠪᠣᠯᠪᠠᠰᠤᠷᠠᠭᠤᠯᠵᠤ᠂ ᠠᠳᠠᠯᠢ ᠬᠤᠭᠤᠴᠠᠭᠠᠨ ᠤ ᠬᠢ ᠠᠴᠠ 24.39% ᠪᠠᠷ | ᠨᠡᠮᠡᠭᠳᠡᠪᠡ︔ ᠢᠮᠠᠭᠠᠨ ᠨᠣᠯᠤᠤᠷ 226.81 ᠲᠣᠨ ᠪᠣᠯᠪᠠᠰᠤᠷᠠᠭᠤᠯᠵᠤ᠂ ᠴᠡᠪᠡᠷ ᠨᠡᠮᠡᠭᠳᠡᠯ ᠢ ᠪᠡᠶᠡᠯᠡᠭᠦᠯᠪᠡ᠃ | ᠭᠤᠷᠪᠠ᠂ ᠢᠯᠴᠢ ᠶᠢᠨ ᠬᠦᠴᠦᠨ ᠤ ᠦᠢᠯᠡᠳᠪᠦᠷᠢᠯᠡᠯ ᠲᠣᠭᠲᠠᠭᠤᠨ ᠢᠶᠠᠷ ᠶᠠᠪᠤᠭᠳᠠᠨ᠎ᠠ᠃ ᠲᠦᠷᠦᠭᠦᠤ | ᠭᠤᠷᠪᠠᠨ ᠤᠯᠠᠷᠢᠯ ᠳᠤ᠂ ᠢᠯᠴᠢ ᠶᠢᠨ ᠬᠦᠴᠦᠨ ᠤ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠦᠢᠯᠡᠳᠬᠦᠨ ᠤ | ᠶᠡᠷᠦᠩᠬᠡᠶ ᠥᠷᠲᠡᠭ ᠠᠳᠠᠯᠢ ᠬᠤᠭᠤᠴᠠᠭᠠᠨ ᠤ ᠬᠢ ᠠᠴᠠ 4.38 % ᠪᠠᠷ ᠨᠡᠮᠡᠭᠳᠡᠵᠦ᠂ ᠢᠯᠴᠢ ᠬᠠᠩᠭᠠᠬᠤ ᠬᠡᠮᠵᠢᠶ᠎ᠡ | 153.68 ᠲᠦᠮᠡᠨ ᠵᠢᠶ ᠵᠢᠶᠤᠤ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 6.54 % ᠪᠠᠷ ᠨᠡᠮᠡᠭᠳᠡᠪᠡ᠃ | | ᠲᠦᠷᠪᠡ᠂ ᠼᠧᠮᠧᠨ᠋ᠲ ᠤᠨ ᠦᠢᠯᠡᠳᠪᠦᠷᠢᠯᠡᠯ ᠪᠠᠭ᠎ᠠ ᠬᠡᠮᠵᠢᠶ᠎ᠡ ᠪᠠᠷ ᠪᠠᠭᠤᠷᠠᠵᠠᠢ᠃ ᠲᠦᠷᠦᠭᠦᠦ ᠭᠤᠷᠪᠠᠨ | ᠤᠯᠠᠷᠢᠯ ᠳᠤ᠂ ᠱᠦᠢᠨᠢ ᠶᠢᠨ ᠦᠢᠯᠡᠳᠪᠦᠷᠢᠯᠡᠯ ᠤᠨ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠦᠢᠯᠡᠳᠬᠦᠨ ᠤ | ᠶᠡᠷᠦᠩᠬᠡᠢ ᠦᠷᠳᠡᠭ ᠠᠳᠠᠯᠢ ᠬᠤᠭᠤᠴᠠᠭᠠᠨ ᠤ ᠬᠢ ᠠᠴᠠ 10.61% ᠪᠠᠭᠤᠷᠠᠵᠤ᠂ 18.5 ᠲᠦᠮᠡᠨ ᠲᠣᠨ ᠱᠦᠢᠨᠢ | ᠦᠢᠯᠡᠳᠪᠦᠷᠢᠯᠡᠵᠦ᠂ ᠠᠳᠠᠯᠢ ᠬᠤᠭᠤᠴᠠᠭᠠᠨ ᠤ ᠬᠢ ᠠᠴᠠ 8.42% ᠪᠠᠭᠤᠷᠠᠪᠠ᠃ | ᠲᠠᠪᠤ᠂ ᠴᠠᠬᠢᠯᠭᠠᠨ ᠬᠦᠴᠦᠨ ᠤ ᠦᠢᠯᠡᠳᠪᠦᠷᠢᠯᠡᠯ ᠬᠦᠨᠳᠦ ᠰᠦᠷᠡᠬᠡᠶ ᠪᠠᠭᠤᠷᠠᠭᠰᠠᠨ ᠪᠠᠶᠢᠨ᠎ᠠ᠃ ᠲᠦᠷᠦᠭᠦᠤ | ᠭᠤᠷᠪᠠᠨ ᠤᠯᠠᠷᠢᠯ ᠳᠤ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠠᠵᠤ ᠠᠬᠤᠶᠢᠯᠠᠯ ᠤᠨ ᠠᠵᠤ | ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠠᠳᠠᠯᠢ ᠬᠤᠭᠤᠴᠠᠭᠠᠨ ᠤ ᠬᠢ ᠠᠴᠠ 41.25 % ᠪᠠᠷ | ᠪᠠᠭᠤᠷᠠᠪᠠ᠂ ᠡᠭᠦᠨ ᠳᠤ᠄ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠬᠡᠮᠵᠢᠶ᠎ᠡ 18040.13 ᠲᠦᠮᠡᠨ | ᠺᠢᠯᠣᠸᠠᠲ ᠴᠠᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 48.25 % ᠪᠠᠷ ᠪᠠᠭᠤᠷᠠᠪᠠ︔ ᠨᠡᠷᠡᠨ ᠤ | ᠡᠨᠧᠷᠭᠢ ᠪᠠᠷ ᠴᠠᠬᠢᠯᠭᠠᠨ ᠭᠠᠷᠭᠠᠬᠤ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠠᠳᠠᠯᠢ | ᠬᠤᠭᠤᠴᠠᠭᠠᠨ ᠤ ᠬᠢ ᠠᠴᠠ 14.60 % ᠪᠠᠷ ᠪᠠᠭᠤᠷᠠᠪᠠ᠂ ᠨᠡᠷᠡᠨ ᠤ ᠡᠨᠧᠷᠭᠢ ᠶᠢᠨ ᠴᠠᠬᠢᠯᠭᠠᠨ ᠭᠠᠷᠭᠠᠬᠤ ᠬᠡᠮᠵᠢᠶ᠎ᠡ | 10459.49 ᠲᠦᠮᠡᠨ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 21.13 % ᠪᠠᠷ | ᠪᠠᠭᠤᠷᠠᠪᠠ᠂ ᠭᠤᠤᠯ ᠰᠢᠯᠲᠠᠭᠠᠨ ᠨᠢ ᠴᠠᠬᠢᠯᠭᠠᠨ ᠲᠣᠤᠷ ᠤᠨ ᠺᠣᠮᠫᠠᠨᠢ ᠶᠢᠨ ᠴᠠᠬᠢᠯᠭᠠᠨ ᠢ ᠬᠢᠵᠠᠭᠠᠷᠯᠠᠭᠰᠠᠨ ᠶᠠᠪᠤᠳᠠᠯ | ᠪᠣᠯᠤᠨ᠎ᠠ᠃ | ᠵᠢᠷᠭᠤᠭ᠎ᠠ᠂ ᠠᠮᠤ ᠲᠣᠰᠣ ᠪᠣᠯᠪᠠᠰᠤᠷᠠᠭᠤᠯᠬᠤ ᠠᠵᠢᠯ ᠦᠷᠭᠦᠯᠵᠢᠯᠡᠨ ᠪᠠᠭᠤᠷᠠᠪᠠ᠃ ᠲᠦᠷᠦᠭᠦᠤ ᠭᠤᠷᠪᠠᠨ | ᠤᠯᠠᠷᠢᠯ ᠳᠤ᠂ ᠠᠮᠤ ᠲᠣᠰᠣ ᠡᠳ᠋ᠰᠢᠭᠦᠯᠬᠦ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠶᠡᠷᠦᠩᠬᠡᠶ ᠦᠢᠯᠡᠳᠬᠦᠨ ᠤ | ᠥᠷᠲᠡᠭ ᠠᠳᠠᠯᠢ ᠬᠤᠭᠤᠴᠠᠭᠠᠨ ᠤ ᠬᠢ ᠠᠴᠠ 23.91% ᠪᠠᠷ ᠪᠠᠭᠤᠷᠠᠪᠠ᠂ ᠡᠭᠦᠨ ᠳᠤ᠄ ᠨᠠᠷᠢᠯᠢᠭ | ᠪᠣᠯᠪᠠᠰᠤᠷᠠᠭᠤᠯᠤᠭᠰᠠᠨ ᠢᠳᠡᠭᠡᠨ ᠤ ᠤᠷᠭᠤᠮᠠᠯ ᠤᠨ ᠲᠣᠰᠣ 3133.64 ᠲᠣᠨ ᠪᠠᠶᠢᠵᠤ᠂ ᠠᠳᠠᠯᠢ | ᠬᠤᠭᠤᠴᠠᠭᠠᠨ ᠤ ᠬᠢ ᠠᠴᠠ 11.12% ᠪᠠᠷ ᠪᠠᠭᠤᠷᠠᠪᠠ︔ ᠨᠣᠣᠰᠣᠨ ᠲᠣᠰᠣ 1615.04 ᠲᠣᠨ | ᠪᠣᠯᠪᠠᠰᠤᠷᠠᠭᠤᠯᠵᠤ᠂ ᠠᠳᠠᠯᠢ ᠬᠤᠭᠤᠴᠠᠭᠠᠨ ᠤ ᠬᠢ ᠠᠴᠠ 41.84% ᠪᠠᠷ ᠪᠠᠭᠤᠷᠠᠪᠠ︔ ᠡᠳ᠋ᠰᠢᠭᠦᠯᠦᠭᠰᠡᠨ ᠲᠡᠵᠢᠭᠡᠯ | ᠪᠣᠷᠳᠤᠭ᠎ᠠ 9227.8 ᠲᠣᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 23.94% ᠪᠠᠷ ᠪᠠᠭᠤᠷᠠᠪᠠ᠃ | ᠲᠠᠷᠠᠭᠠᠴᠢ ᠶᠢᠨ ᠠᠯᠬᠤᠮ ᠳᠤ᠂ ᠨᠢᠭᠡ ᠳᠤ ᠠᠵᠢᠯᠯᠠᠭᠠᠨ ᠢ ᠬᠢᠨᠠᠨ ᠬᠡᠮᠵᠢᠵᠦ ᠲᠥᠰᠦᠭᠡᠯᠡᠬᠦ ᠪᠠ ᠳᠣᠭᠢᠷᠠᠭᠤᠯᠤᠨ | ᠵᠠᠳᠠᠯᠬᠤ ᠶᠢ ᠴᠢᠩᠭᠠᠳᠬᠠᠵᠤ᠂ ᠦᠢᠯᠡᠳᠪᠦᠷᠢᠯᠡᠯ ᠵᠣᠭᠰᠣᠭᠰᠠᠨ ᠠᠵᠤ ᠠᠬᠤᠶᠢᠯᠠᠯ ᠳᠤ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ︽ᠨᠢᠭᠡ ᠡᠷᠦᠬᠡ ᠳᠤ ᠨᠢᠭᠡ ᠲᠥᠷᠥ ᠶᠢᠨ ᠪᠣᠳᠣᠯᠭ᠎ᠠ︾ ᠶᠢ ᠡᠷᠦᠬᠡ | ᠳᠠᠷᠠᠭᠠᠯᠠᠨ ᠦᠢᠯᠡᠳᠪᠦᠷᠢᠯᠡᠯ ᠵᠣᠭᠰᠣᠭᠰᠠᠨ ᠰᠢᠯᠲᠠᠭᠠᠨ ᠢ ᠵᠠᠳᠠᠯᠵᠤ᠂ ᠠᠵᠢᠯ ᠤᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠨ᠂ ᠦᠢᠯᠡᠳᠪᠦᠷᠢᠯᠡᠯ ᠵᠣᠭᠰᠣᠭᠰᠠᠨ ᠠᠵᠤ ᠠᠬᠤᠶᠢᠯᠠᠯ ᠤᠨ ᠬᠡᠪ ᠤᠨ ᠠᠵᠢᠯᠯᠠᠭᠠᠨ ᠢᠶᠠᠨ | ᠰᠡᠷᠭᠦᠭᠡᠬᠦ ᠶᠢ ᠦᠨᠡᠨ ᠬᠦ ᠪᠠᠲᠤᠯᠠᠵᠤ᠂ ᠮᠠᠨ ᠤ ᠬᠤᠲᠠ ᠶᠢᠨ ᠠᠵᠤ ᠠᠬᠤᠶ ᠶᠢᠨ ᠲᠣᠭᠲᠠᠭᠤᠨ ᠢᠶᠠᠷ ᠨᠡᠮᠡᠭᠳᠡᠬᠦ ᠶᠢ | ᠳᠠᠶᠢᠴᠢᠯᠠᠬᠤ ᠬᠡᠷᠡᠭᠲᠡᠶ ᠭᠡᠵᠦ ᠰᠠᠨᠠᠭᠤᠯᠪᠠ᠃ ᠬᠤᠶᠠᠷ ᠲᠤ᠂ ᠬᠡᠪᠴᠢᠶᠡᠵᠢᠯ ᠠᠴᠠ ᠳᠡᠭᠡᠭᠰᠢᠬᠢ ᠪᠠᠷᠢᠮᠵᠢᠶ᠎ᠠ ᠳᠤ | ᠬᠠᠷᠠᠬᠠᠨ ᠬᠦᠷᠦᠭᠡᠳᠦᠢ ᠠᠵᠤ ᠠᠬᠤᠶᠢᠯᠠᠯ ᠢ ᠲᠡᠳᠬᠦᠨ ᠪᠤᠶᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠠᠷᠭ᠎ᠠ | ᠪᠦᠬᠦᠨ ᠢ ᠰᠦᠪᠡᠭᠴᠢᠯᠡᠨ ᠠᠵᠤ ᠠᠬᠤᠶᠢᠯᠠᠯ ᠢ ᠬᠠᠪᠰᠤᠷᠤᠨ ᠪᠣᠳᠠᠲᠠᠶ ᠠᠰᠠᠭᠤᠳᠠᠯ ᠢ ᠨᠢ ᠰᠢᠢᠳᠪᠦᠷᠢᠯᠡᠵᠦ᠂ | ᠰᠢᠨ᠎ᠡ ᠪᠠᠷ ᠨᠡᠮᠡᠭᠳᠡᠭᠰᠡᠨ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ᠪᠡᠯᠡᠳᠬᠡᠯ ᠬᠦᠴᠦᠨ ᠢ | ᠬᠥᠮᠥᠵᠢᠭᠦᠯᠦᠨ᠎ᠡ᠃ |