9 ᠰᠠᠷ᠎ᠠ ᠶᠢᠨ ᠰᠡᠭᠦᠯᠴᠢ᠂ ᠬᠠᠷᠢᠶ᠎ᠠ ᠣᠷᠣᠨ ᠤ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠲᠤᠰ ᠭᠠᠳᠠᠭᠠᠳᠤ ᠶᠢᠨ ᠵᠣᠭᠤᠰ ᠤᠨ ᠦᠯᠡᠳᠡᠪᠦᠷᠢ 153.21 ᠳ᠋ᠦᠩᠰᠢᠭᠤᠷ ᠲᠥᠭᠦᠷᠢᠭ ᠲᠤ | ᠬᠦᠷᠴᠦ᠂ ᠵᠢᠯ ᠤᠨ ᠡᠬᠢᠨ ᠤ ᠬᠢ ᠠᠴᠠ 11.31 ᠳ᠋ᠦᠩᠰᠢᠭᠤᠷ ᠲᠥᠭᠦᠷᠢᠭ ᠨᠡᠮᠡᠭᠳᠡᠵᠦ᠂ 7.97% ᠪᠠᠷ | ᠨᠡᠮᠡᠭᠳᠡᠪᠡ︔ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 10.61 ᠳ᠋ᠦᠩᠰᠢᠭᠤᠷ ᠲᠥᠭᠦᠷᠢᠭ ᠨᠡᠮᠡᠭᠳᠡᠵᠦ᠂ | 7.44% ᠪᠠᠷ ᠨᠡᠮᠡᠭᠳᠡᠪᠡ᠃ ᠭᠠᠳᠠᠭᠠᠳᠤ ᠶᠢᠨ ᠵᠤᠭᠤᠰᠤᠨ ᠤ ᠵᠢᠭᠡᠯᠡᠯᠭᠡ ᠶᠢᠨ ᠦᠯᠡᠳᠡᠪᠦᠷᠢ ᠲᠤᠭ᠎ᠠ 109.46 | ᠳ᠋ᠦᠩᠰᠢᠭᠤᠷ ᠲᠦᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 10.33 ᠳ᠋ᠦᠩᠰᠢᠭᠤᠷ ᠲᠦᠭᠦᠷᠢᠭ ᠨᠡᠮᠡᠭᠳᠡᠨ | ᠂ 10.42% ᠢᠶᠠᠷ ᠨᠡᠮᠡᠭᠳᠡᠪᠡ︔ ᠲᠦᠷᠦᠭᠦᠦ ᠵᠢᠯ ᠤᠨ ᠠᠳᠠᠯᠢ ᠬᠤᠭᠤᠴᠠᠭ᠎ᠠ ᠠᠴᠠ 23.03 ᠳ᠋ᠦᠩᠰᠢᠭᠤᠷ | ᠲᠦᠭᠦᠷᠢᠭ ᠨᠡᠮᠡᠭᠳᠡᠨ᠂ 26.65% ᠪᠠᠷ ᠨᠡᠮᠡᠭᠳᠡᠪᠡ᠃ | 2024 ᠣᠨ ᠤ 1 - 9 ᠰᠠᠷ᠎ᠠ ᠳᠤ᠂ ᠠᠵᠤ ᠠᠬᠤᠶᠢᠯᠠᠯ ᠤᠨ ᠵᠢᠭᠡᠯᠡᠯᠭᠡ ᠶᠢ ᠨᠡᠶᠢᠲᠡ 31.97 | ᠳ᠋ᠦᠩᠰᠢᠭᠤᠷ ᠲᠥᠭᠦᠷᠢᠭ ᠲᠠᠯᠪᠢᠵᠤ᠂ ᠲᠤᠰ ᠭᠠᠳᠠᠭᠠᠳᠤ ᠶᠢᠨ ᠵᠣᠭᠤᠰ ᠤᠨ ᠠᠵᠤ ᠠᠬᠤᠶᠢᠯᠠᠯ ᠤᠨ ᠵᠢᠭᠡᠯᠡᠯᠭᠡ ᠶᠢᠨ | ᠦᠯᠡᠳᠡᠪᠦᠷᠢ 91.05 ᠳ᠋ᠦᠩᠰᠢᠭᠤᠷ ᠲᠥᠭᠦᠷᠢᠭ ᠲᠤ ᠬᠦᠷᠴᠦ᠂ ᠡᠯ᠎ᠡ ᠵᠦᠢᠯ ᠤᠨ ᠵᠢᠭᠡᠯᠡᠯᠭᠡ ᠶᠢᠨ 83.18% ᠶᠢ | ᠡᠵᠡᠯᠡᠪᠡ︔ ᠡᠭᠦᠨ ᠳᠤ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠦᠯᠡᠳᠡᠪᠦᠷᠢ 54.20 ᠳ᠋ᠦᠩᠰᠢᠭᠤᠷ | ᠲᠥᠭᠦᠷᠢᠭ ᠲᠤ ᠬᠦᠷᠴᠦ᠂ ᠡᠯ᠎ᠡ ᠵᠦᠢᠯ ᠤᠨ ᠵᠢᠭᠡᠯᠡᠯᠭᠡ ᠶᠢᠨ 49.51% ᠶᠢ ᠡᠵᠡᠯᠡᠪᠡ᠃ | 2024 ᠣᠨ ᠤ 1 ᠰᠠᠷ᠎ᠠ ᠠᠴᠠ 9 ᠰᠠᠷ᠎ᠠ ᠪᠣᠯᠲᠠᠯ᠎ᠠ᠂ ᠪᠥᠬᠦ ᠬᠤᠲᠠ ᠶᠢᠨ ᠳᠠᠭᠠᠳᠬᠠᠯ ᠤᠨ ᠪᠠᠶᠢᠭᠤᠯᠤᠮᠵᠢ | ᠣᠭ ᠳᠠᠭᠠᠳᠬᠠᠯ ᠤᠨ ᠣᠷᠣᠯᠭ᠎ᠠ ᠨᠢ ᠨᠡᠶᠢᠲᠡ 1.71 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 2.5 % ᠪᠠᠷ ᠪᠠᠭᠤᠷᠠᠪᠠ︔ ᠳᠠᠭᠠᠳᠬᠠᠯ ᠤᠨ ᠲᠥᠯᠥᠪᠦᠷᠢ ᠥᠭᠬᠦ ᠵᠠᠷᠤᠯᠭ᠎ᠠ ᠨᠡᠶᠢᠲᠡ | 0.49 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 22.59 % ᠪᠠᠷ ᠨᠡᠮᠡᠭᠳᠡᠪᠡ | ᠃ ᠾᠧᠩ ᠲᠠᠢ ᠦᠨᠡᠲᠦ ᠲᠡᠮᠳᠡᠭᠲᠦ ᠶᠢᠨ ᠡᠷᠢᠶᠡᠨ ᠬᠤᠳᠠ ᠳᠠᠬᠢ ᠡᠵᠡᠩᠨᠡᠯᠲᠡ ᠶᠢᠨ ᠭᠠᠵᠠᠷ ᠤᠨ ᠳᠠᠩᠰᠠ ᠨᠡᠭᠡᠭᠡᠭᠰᠡᠨ | ᠲᠤᠭ᠎ᠠ 7791 ᠡᠷᠦᠬᠡ ᠨᠠᠶᠢᠳᠠ 11.76 ᠳ᠋ᠦᠩᠱᠢᠭᠤᠷ ᠲᠥᠭᠦᠷᠢᠭ ᠲᠤ ᠬᠦᠷᠴᠡᠢ᠃ |