2024 ᠣᠨ ᠳᠤ ︽ᠤᠮᠠᠷᠠᠲᠤ ᠬᠢᠯᠢ ᠳᠡᠭᠡᠨ  ᠬᠠᠶᠢᠷ᠎ᠠ ᠪᠠᠨ ᠡᠷᠭᠦᠵᠦ ᠡᠷᠡᠭᠦᠯᠵᠢᠯ ᠳᠤ ᠲᠤᠰᠠᠯᠠᠯᠴᠠᠶ᠎ᠠ︾ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠮᠠᠨ ᠤ ᠬᠤᠲᠠ ᠳᠤ ᠶᠠᠪᠤᠭᠳᠠᠭᠰᠠᠨ
ᠨᠡᠶᠢᠲᠡᠯᠡᠭᠰᠡᠨ ᠴᠠᠭ᠄
2024/11/5
ᠤᠷᠴᠢᠭᠤᠯᠤᠭᠴᠢ᠄  ᠰᠤᠯᠤᠩᠭᠤᠸ᠎ᠡᠤᠳᠤᠷᠢᠳᠬᠠᠯ᠄      10. 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠠᠴᠠ ᠬᠠᠮᠲᠤᠷᠠᠨ ᠬᠢᠭᠰᠡᠨ ᠴᠠᠭᠠᠨ ᠬᠠᠷᠠᠩ  ᠡᠪᠡᠳᠴᠢᠳᠡᠨ ᠳᠤ ᠬᠠᠷᠠᠭ᠎ᠠ ᠣᠷᠣᠭᠤᠯᠬᠤ ᠮᠡᠰᠡ ᠵᠠᠰᠠᠯ ᠤᠨ ᠨᠡᠶᠢᠲᠡ ᠶᠢᠨ ᠠᠰᠠᠷᠠᠮᠵᠢ ᠶᠢᠨ ᠠᠪᠤᠷᠠᠨ ᠲᠤᠰᠠᠯᠠᠬᠤ ᠲᠥᠷᠥᠯ ᠵᠦᠢᠯ ᠮᠠᠨ ᠤ ᠬᠤᠲᠠ ᠳᠤ ᠰᠢᠯᠢ ᠶᠢᠨ ᠭᠤᠣᠯ ᠠᠶᠢᠮᠠᠭ ᠤᠨ ᠴᠤᠤ ᠵᠢᠦᠢ ᠨᠢᠳᠦᠨ ᠤ ᠰᠠᠯᠠᠭᠠᠨ ᠤ ᠲᠤᠰᠬᠠᠢ ᠡᠮᠴᠢᠯᠡᠭᠡᠨ ᠤ ᠠᠩᠭᠢ ᠲᠠᠢ ᠬᠠᠮᠲᠤᠷᠠᠨ ᠨᠢᠳᠦᠨ ᠤ ᠡᠪᠡᠳᠴᠢᠨ ᠢ ᠰᠢᠭᠰᠢᠨ ᠪᠠᠶᠢᠴᠠᠭᠠᠬᠤ ᠠᠵᠢᠯᠯᠠᠭ᠎ᠠ ᠥᠷᠨᠢᠭᠦᠯᠵᠡᠢ  ᠃ᠲᠠᠶᠢᠯᠤᠮᠵᠢ᠄      ᠬᠤᠲᠠ ᠶᠢᠨ ᠤᠯᠠᠭᠠᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠰᠢᠭᠰᠢᠨ ᠪᠠᠶᠢᠴᠠᠭᠠᠬᠤ ᠲᠤᠬᠠᠢ ᠶᠢᠨ ᠲᠠᠯᠠᠪᠤᠷ ᠲᠤ᠂ ᠨᠢᠳᠦᠨ ᠤ ᠡᠪᠡᠳᠴᠢᠨ ᠤ ᠪᠠᠶᠢᠴᠠᠭᠠᠯᠲᠠ  ᠬᠢᠬᠦ ᠪᠠᠷ ᠢᠷᠡᠭᠰᠡᠨ ᠡᠪᠡᠳᠴᠢᠲᠡᠨ ᠡᠮᠬᠢ ᠵᠢᠷᠤᠮ ᠲᠠᠢ ᠮᠥᠷᠯᠡᠵᠦ᠂ ᠡᠮᠨᠡᠯᠭᠡ ᠶᠢᠨ ᠠᠵᠢᠯᠲᠠᠳ ᠬᠠᠯᠠᠭᠤᠮᠰᠤᠭ ᠢᠶᠠᠷ ᠡᠪᠡᠳᠴᠢᠲᠡᠨ ᠨᠢᠭᠡᠪᠦᠷᠢ ᠳᠤ ᠬᠠᠷᠠᠭᠠᠨ ᠤ ᠪᠠᠶᠢᠴᠠᠭᠠᠯᠲᠠ ᠬᠢᠵᠦ ᠦᠭᠴᠦ ᠪᠠᠶᠢᠯ᠎ᠠ᠃ ᠨᠢᠳᠦᠨ ᠤ ᠡᠪᠡᠳᠴᠢᠨ ᠲᠠᠢ ᠰᠠᠭᠤᠭᠠᠯᠢ ᠠᠷᠠᠳ ᠲᠤ ᠬᠠᠨᠳᠤᠯᠭ᠎ᠠ ᠶᠢᠨ ᠴᠢᠨᠠᠷᠲᠠᠢ ᠰᠢᠨᠵᠢᠯᠡᠬᠦ ᠤᠬᠠᠭᠠᠨᠴᠢ ᠪᠠᠷ ᠨᠢᠳᠦ ᠬᠠᠮᠠᠭᠠᠯᠠᠬᠤ ᠰᠠᠨᠠᠭᠤᠯᠭ᠎ᠠ ᠳᠤᠷᠠᠳᠴᠤ᠂ ᠬᠠᠷᠠᠭᠠᠨ ᠤ ᠡᠷᠡᠭᠦᠯ ᠮᠡᠨᠳᠦ ᠶᠢ ᠠᠩᠬᠠᠷᠴᠤ᠂ ᠰᠠᠶᠢᠨ ᠰᠠᠶᠢᠬᠠᠨ ᠠᠮᠢᠳᠤᠷᠠᠯ ᠤᠨ ᠠᠷᠭ᠎ᠠ ᠮᠠᠶ᠋ᠢᠭ ᠢ ᠪᠣᠶ ᠪᠣᠯᠭᠠᠬᠤ ᠶᠢ  ᠰᠠᠨᠠᠭᠤᠯᠵᠤ  ᠪᠠᠶᠢᠯ᠎ᠠ  ᠃ ᠡᠭᠦᠨ ᠤ ᠬᠠᠮᠲᠤ᠂ ᠲᠤᠬᠠᠢ ᠶᠢᠨ ᠲᠠᠯᠠᠪᠤᠷ ᠤᠨ ᠰᠢᠭᠰᠢᠨ ᠪᠠᠶᠢᠴᠠᠭᠠᠵᠤ ᠦᠨᠡᠯᠡᠨ ᠵᠢᠱᠢᠭᠰᠡᠨ ᠦᠷ᠎ᠡ ᠳ᠋ᠦᠩ ᠢ ᠦᠨᠳᠦᠰᠦᠯᠡᠨ᠂ ᠴᠠᠭᠠᠨ ᠬᠠᠷᠠᠩ ᠡᠪᠡᠳᠴᠢᠨ ᠲᠠᠢ  ᠡᠪᠡᠳᠴᠢᠳᠡᠨ ᠢ ᠳᠡᠩᠰᠡᠯᠡᠵᠦ᠂ ᠨᠥᠬᠦᠴᠡᠯ ᠳᠤ ᠨᠡᠶᠢᠴᠡᠭᠰᠡᠨ ᠪᠠᠶᠢᠪᠠᠯ ᠰᠦᠢᠳᠬᠡᠯ ᠬᠤᠷᠢᠶᠠᠬᠤ ᠦᠭᠡᠢ ᠪᠠᠷ ᠮᠡᠰᠡ ᠵᠠᠰᠠᠯ  ᠬᠢᠬᠦ ᠪᠤᠯᠤᠨ᠎ᠠ᠃      ᠰᠠᠭᠤᠭᠠᠯᠢ ᠠᠷᠠᠳ ᠸᠠᠩ ᠢᠦᠢ ᠶᠢᠩ  ᠬᠤᠶᠠᠷ ᠵᠢᠯ ᠤᠨ ᠡᠮᠦᠨ᠎ᠡ  ᠴᠠᠭᠠᠨ ᠬᠠᠷᠠᠩ ᠡᠪᠡᠳᠴᠢᠨ ᠲᠠᠢ  ᠪᠤᠯᠬᠤ ᠪᠠᠨ  ᠪᠠᠶᠢᠴᠠᠭᠠᠵᠤ ᠭᠠᠷᠭᠠᠵᠠᠢ᠂ ᠬᠠᠷᠠᠭ᠎ᠠ ᠪᠦᠷᠳᠦᠯᠵᠡᠬᠦ ᠠᠴᠠ ᠪᠣᠯᠵᠤ᠂  ᠲᠡᠷᠡ ᠶᠡᠷᠦ ᠨᠢ ᠨᠢᠳᠦᠨ ᠳᠤ ᠳᠤᠰᠤᠭᠠᠬᠤ ᠡᠮ ᠢᠶᠠᠷ ᠠᠷᠭᠠᠴᠠᠭᠠᠵᠤ ᠪᠠᠶᠢᠵᠠᠢ  ᠃  ︽ᠤᠮᠠᠷᠠᠲᠤ ᠬᠢᠯᠢ ᠳᠡᠭᠡᠨ  ᠬᠠᠶᠢᠷ᠎ᠠ ᠪᠠᠨ ᠡᠷᠭᠦᠵᠦ ᠡᠷᠡᠭᠦᠯᠵᠢᠯ  ᠳᠤ ᠲᠤᠰᠠᠯᠠᠯᠴᠠᠶ᠎ᠠ︾ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠠᠪᠤᠷᠠᠨ ᠲᠤᠰᠠᠯᠠᠬᠤ ᠲᠦᠷᠦᠯ ᠵᠦᠢᠯ ᠮᠠᠨ ᠤ ᠬᠤᠳᠠ ᠳᠤ ᠢᠷᠡᠵᠤ ᠰᠢᠭᠰᠢᠨ ᠪᠠᠶᠢᠴᠠᠭᠠᠬᠤ ᠠᠵᠢᠯᠯᠠᠭ᠎ᠠ ᠥᠷᠨᠢᠭᠦᠯᠬᠦ ᠶᠢ ᠮᠡᠳᠡᠭᠰᠡᠨ ᠤ ᠳᠠᠷᠠᠭ᠎ᠠ᠂ ᠲᠡᠷᠡ ᠨᠥᠬᠦᠷ  ᠲᠠᠢ ᠪᠠᠨ ᠬᠠᠮᠲᠤ ᠢᠷᠡᠵᠦ ᠮᠥᠷᠯᠡᠨ ᠪᠠᠶᠢᠴᠠᠭᠠᠵᠠᠢ᠃     ᠰᠤᠷᠪᠤᠯᠵᠢᠯᠠᠭ᠎ᠠ᠄  ᠬᠤᠳᠠ ᠶᠢᠨ ᠠᠷᠠᠳ ᠸᠠᠩ ᠢᠦᠢ ᠶᠢᠩ ᠤᠨ ᠨᠥᠬᠦᠷ  ᠸᠠᠩ ᠬᠦᠢ  ᠄ ᠡᠮᠦᠨ᠎ᠡ ᠬᠤᠶᠠᠷ ᠡᠳᠦᠷ ᠵᠡᠮᠳᠡᠭᠴᠦᠳ ᠤᠨ ᠬᠤᠯᠪᠣᠭ᠎ᠠ ᠠᠴᠠ ᠲᠠᠷᠬᠠᠭᠠᠭᠰᠠᠨ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢᠨ ᠮᠡᠳᠡᠭᠡ ᠶᠢ ᠣᠯᠵᠤ ᠦᠵᠡᠭᠰᠡᠨ ᠶᠤᠮ  ᠂ ᠥᠨᠥᠳᠥᠷ ᠲᠤᠰᠬᠠᠶᠢᠯᠠᠨ ᠴᠠᠭᠠᠨ ᠬᠠᠷᠠᠩ ᠢ ᠲᠠᠬᠢᠨ ᠪᠠᠶᠢᠴᠠᠭᠠᠬᠤ ᠪᠠᠷ  ᠢᠷᠡᠯ᠎ᠡ᠂ ᠡᠮᠴᠢ ᠶᠢᠨ ᠨᠠᠷᠢᠨ ᠪᠠᠶᠢᠴᠠᠭᠠᠯᠲᠠ ᠪᠠᠷ ᠳᠠᠮᠵᠢᠭᠠᠳ ᠮᠢᠨᠤ  ᠬᠡᠷᠬᠡᠢ ᠶᠢᠨ ᠬᠤᠶᠠᠷ ᠨᠢᠳᠦ ᠨᠢ ᠪᠦᠷ ᠮᠡᠰᠡ ᠵᠠᠰᠠᠯ ᠬᠢᠬᠦ ᠴᠢᠬᠤᠯᠠ ᠲᠠᠢᠪᠣᠯᠤᠭᠰᠠᠨ ᠭᠡᠵᠦ ᠣᠨᠣᠰᠢᠯᠠᠪᠠ᠃ ᠪᠢ ᠠᠳᠡ ᠬᠤᠳᠠ ᠶᠢᠨ ᠵᠡᠮᠳᠡᠭᠴᠦᠳ ᠤᠨ ᠬᠤᠯᠪᠣᠭ᠎ᠠ ᠵᠢᠴᠢ ᠬᠠᠮᠢᠶᠠᠲᠠᠢ ᠰᠠᠯᠠᠭ᠎ᠠ ᠮᠥᠴᠢᠷ ᠲᠤ ᠣᠨᠴᠠᠭᠠᠶᠢᠯᠠᠨ ᠲᠠᠯᠠᠷᠬᠠᠵᠤ ᠪᠠᠶᠢᠨ᠎ᠠ᠃     ᠣᠶᠢᠯᠠᠭᠠᠭᠰᠠᠨ ᠢᠶᠠᠷ᠂ ᠲᠣᠰ ᠤᠳᠠᠭᠠᠨ ᠤ ᠨᠢᠳᠦᠨ ᠤ ᠡᠪᠡᠳᠴᠢᠨ ᠢ ᠰᠢᠭᠰᠢᠨ ᠪᠠᠶᠢᠴᠠᠭᠠᠬᠤ ᠠᠵᠢᠯᠯᠠᠭ᠎ᠠ ᠳᠤ ᠬᠤᠪᠢ ᠬᠥᠮᠥᠨ ᠵᠠᠷᠤᠳᠠᠯ ᠡᠭᠦᠷᠭᠡᠯᠡᠬᠦ ᠴᠢᠬᠤᠯᠠ ᠦᠭᠡᠢ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠥᠪᠡᠷ ᠤᠨ ᠪᠡᠶ᠎ᠡ ᠶᠢᠨ ᠦᠨᠡᠮᠯᠡᠯ ᠢᠶᠠᠷ ᠢᠶᠠᠨ ᠰᠢᠭᠰᠢᠨ ᠪᠠᠶᠢᠴᠠᠭᠠᠯᠲᠠ ᠳᠤ ᠣᠷᠣᠯᠴᠠᠵᠤ ᠪᠣᠯᠣᠨ᠎ᠠ᠃ ᠵᠠᠯᠭᠠᠭᠠᠳ ᠪᠠᠰᠠ ᠦᠷᠭᠦᠯᠵᠢᠯᠡᠨ ᠪᠤᠰᠤᠳ ᠨᠡᠶᠢᠭᠡᠮ ᠲᠣᠭᠤᠷᠢᠭ ᠵᠢᠴᠢ ᠰᠤᠮᠤ ᠳᠤ ᠭᠦᠨᠵᠡᠭᠡᠶᠢᠷᠡᠨ ᠰᠦᠢᠳᠬᠡᠯ ᠬᠤᠷᠢᠶᠠᠬᠤ ᠦᠭᠡᠢ ᠪᠠᠷ ᠰᠢᠭᠰᠢᠨ ᠪᠠᠶᠢᠴᠠᠭᠠᠬᠤ ᠠᠵᠢᠯᠯᠠᠭ᠎ᠠ ᠥᠷᠨᠢᠭᠦᠯᠬᠦ ᠶᠢᠨ ᠬᠠᠮᠲᠤ ᠬᠥᠳᠡᠯᠵᠦ ᠪᠠᠷᠢᠬᠤ ᠳᠤ ᠳᠥᠭᠦᠮ ᠦᠭᠡᠢ ᠬᠥᠮᠥᠰ ᠪᠤᠶᠤ ᠨᠠᠰᠤᠲᠠᠶᠢᠴᠤᠳ ᠲᠤ ᠭᠡᠷ ᠲᠤᠨᠢ ᠬᠦᠷᠴᠦ ᠦᠢᠯᠡᠴᠢᠯᠡᠭᠡ  ᠬᠠᠩᠭᠠᠬᠤ ᠪᠤᠯᠤᠨ᠎ᠠ᠃
 
ᠢᠷᠡᠯᠲᠡ᠄ ᠡᠷᠢᠶᠡᠨ ᠬᠤᠳᠠ ᠶᠢᠨ ᠬᠠᠮ ᠵᠠᠭᠤᠴᠢᠯᠠᠭᠤᠷ ᠤᠨ ᠳᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号