ᠤᠷᠴᠢᠭᠤᠯᠤᠭᠴᠢ᠄ ᠰᠤᠯᠤᠩᠭᠤᠸ᠎ᠡ | | ᠤᠳᠤᠷᠢᠳᠬᠠᠯ᠄ | 10. 31 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠵᠢᠶᠠᠩᠰᠢ | ᠮᠤᠵᠢ ᠶᠢᠨ ᠹᠦᠵᠧᠦ ᠬᠤᠳᠠ ᠶᠢᠨ ᠳ᠋ᠦᠩᠰᠢᠶᠠᠩ ᠲᠣᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ | ᠬᠡᠯᠲᠡᠰ ᠲᠠᠢ ᠨᠡᠭᠦᠳᠡᠯ ᠨᠠᠮ ᠤᠨ ᠭᠡᠰᠢᠭᠦᠨ ᠤ ︽ᠬᠤᠣᠰ ᠴᠢᠭᠯᠡᠯ ᠢᠶᠠᠷ ᠬᠠᠮᠲᠤᠪᠠᠷ ᠬᠠᠮᠢᠶᠠᠷᠬᠤ︾ ᠬᠡᠯᠡᠯᠴᠡᠭᠡᠷ | ᠲᠣᠭᠲᠠᠵᠤ᠂ ᠬᠤᠶᠠᠷ ᠭᠠᠵᠠᠷ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠨᠡᠭᠦᠳᠡᠯ ᠨᠠᠮ ᠤᠨ ᠭᠡᠰᠢᠭᠦᠨ ᠤ | ᠬᠠᠮᠢᠶᠠᠷᠤᠯᠲᠠ ᠶᠢ ᠴᠢᠩᠭᠠᠳᠬᠠᠵᠠᠢ ᠃ | ᠲᠠᠶᠢᠯᠤᠮᠵᠢ᠄ | ᠨᠡᠭᠦᠳᠡᠯ ᠨᠠᠮ ᠤᠨ ᠭᠡᠰᠢᠭᠦᠨ ᠤ ᠬᠠᠮᠢᠶᠠᠷᠤᠯᠲᠠ ᠶᠢ ᠴᠢᠩᠭᠠᠳᠬᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ | ᠪᠠᠶᠢᠭᠤᠯᠤᠯᠲᠠ ᠶᠢᠨ ᠠᠵᠢᠯ ᠤᠨ ᠴᠢᠬᠤᠯᠠ ᠡᠭᠦᠷᠭᠡ ᠪᠣᠯᠣᠨ᠎ᠠ᠃ ᠲᠤᠰ ᠤᠳᠠᠭᠠᠨ ᠤ ᠬᠡᠯᠡᠯᠴᠡᠭᠡᠷ ᠲᠤ ᠭᠠᠷ ᠤᠨ | ᠦᠰᠦᠭ ᠵᠢᠷᠤᠭᠰᠠᠨ ᠶᠠᠪᠤᠳᠠᠯ ᠪᠣᠯ ᠨᠡᠭᠦᠳᠡᠯ ᠨᠠᠮ ᠤᠨ ᠭᠡᠰᠢᠭᠦᠨ ᠢ ᠬᠥᠮᠥᠵᠢᠭᠦᠯᠦᠨ ᠬᠠᠮᠢᠶᠠᠷᠬᠤ ᠂ ᠦᠢᠯᠡᠳᠦᠯ ᠢ | ᠪᠠᠳᠠᠷᠠᠭᠤᠯᠬᠤ ᠂ ᠰᠤᠷᠤᠯᠴᠠᠯᠭ᠎ᠠ ᠳᠤ ᠦᠷ᠎ᠡ ᠪᠦᠲᠦᠮᠵᠢ ᠣᠯᠬᠤ ᠳᠤ ᠬᠦᠴᠢᠷ ᠵᠡᠷᠭᠡ ᠠᠰᠠᠭᠤᠳᠠᠯ ᠢ ᠰᠢᠢᠳᠪᠦᠷᠢᠯᠡᠬᠦ | ᠪᠦᠲᠦᠮᠵᠢᠲᠡᠢ ᠰᠦᠪᠡᠭᠴᠢᠯᠡᠯᠲᠡ ᠪᠠ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠬᠤᠶᠠᠷ ᠭᠠᠵᠠᠷ ᠤᠨ ᠬᠤᠣᠰ | ᠴᠢᠭᠯᠡᠯ ᠢᠶᠠᠷ ᠬᠠᠮᠲᠤᠪᠠᠷ ᠬᠠᠮᠢᠶᠠᠷᠴᠤ ᠬᠠᠮᠲᠤᠷᠠᠯᠴᠠᠬᠤ ᠲᠣᠭᠲᠠᠴᠠ ᠶᠢ ᠪᠠᠶᠢᠭᠤᠯᠬᠤ ᠪᠠᠷ ᠳᠠᠮᠵᠢᠭᠤᠯᠵᠤ᠂ ᠨᠡᠭᠦᠳᠡᠯ | ᠨᠠᠮ ᠤᠨ ᠭᠡᠰᠢᠭᠦᠨ ᠤ ᠬᠤᠣᠰ ᠴᠢᠭᠯᠡᠯ ᠢᠶᠠᠷ ᠬᠤᠯᠪᠣᠯᠳᠤᠬᠤ᠂ ᠮᠡᠳᠡᠭᠡ ᠵᠠᠩᠭᠢ ᠂ ᠰᠤᠷᠭᠠᠨ ᠬᠥᠮᠦᠵᠢᠯ ᠂ | ᠦᠢᠯᠡᠴᠢᠯᠡᠭᠡᠨ ᠤ ᠬᠤᠣᠰ ᠴᠢᠭᠯᠡᠯ ᠢᠶᠠᠷ ᠬᠤᠯᠪᠤᠭᠠᠯᠠᠨ ᠬᠥᠳᠡᠯᠦᠯᠴᠡᠬᠦ ᠬᠠᠮᠢᠶᠠᠷᠤᠯᠲᠠ ᠶᠢ ᠬᠡᠷᠡᠭᠵᠢᠭᠦᠯᠵᠦ᠂ ᠨᠡᠭᠦᠳᠡᠯ | ᠨᠠᠮ ᠤᠨ ᠭᠡᠰᠢᠭᠦᠨ ᠤ ᠬᠠᠮᠢᠶᠠᠷᠤᠯᠲᠠ ᠦᠢᠯᠡᠴᠢᠯᠡᠭᠡ ᠶᠢ ᠨᠡᠩ ᠣᠨᠣᠪᠴᠢᠲᠠᠢ ᠪᠣᠯᠭᠠᠬᠤ᠂ ᠤᠨᠤᠯ ᠤᠨ | ᠰᠤᠷᠤᠯᠴᠠᠯᠭ᠎ᠠ ᠶᠢ ᠪᠦᠬᠦᠨ ᠢ ᠪᠦᠷᠬᠦᠭᠦᠯᠬᠦ᠂ ᠦᠢᠯᠡᠳᠦᠯ ᠢ ᠨᠢ ᠪᠠᠳᠠᠷᠠᠭᠤᠯᠬᠤ ᠶᠢ ᠥᠷᠭᠡᠳᠬᠡᠬᠦ ᠶᠢ ᠠᠬᠢᠭᠤᠯᠵᠤ᠂ | ᠲᠡᠳᠡᠨ ᠢ ︽ ᠤᠴᠢᠭᠰᠠᠨ ᠭᠠᠵᠠᠷ ᠲᠤ ᠭᠡᠷ ᠲᠠᠢ᠂ ᠤᠴᠢᠭᠰᠠᠨ ᠭᠠᠵᠠᠷ ᠲᠤ ᠰᠤᠷᠤᠯᠴᠠᠯᠭ᠎ᠠ ᠲᠠᠢ᠂ ᠤᠴᠢᠭᠰᠠᠨ | ᠭᠠᠵᠠᠷ ᠲᠤ ᠴᠢᠷᠮᠠᠶᠢᠯᠭ᠎ᠠ ᠲᠠᠢ︾ ᠪᠠᠶᠢᠬᠤ ᠶᠢ ᠪᠡᠶᠡᠯᠡᠭᠦᠯᠬᠦ ᠪᠤᠯᠤᠨ᠎ᠠ᠃ | ᠡᠨᠡ ᠤᠳᠠᠭᠠᠨ ᠤ ᠬᠠᠮᠲᠤᠷᠠᠯᠴᠠᠭ᠎ᠠ ᠪᠣᠯ ᠨᠢᠭᠡ ᠤᠳᠠᠭᠠᠨ ᠤ ᠰᠢᠨ᠎ᠡ ᠶᠢ ᠡᠭᠦᠳᠬᠦ ᠠᠷᠭ᠎ᠠ ᠪᠣᠯᠣᠨ᠎ᠠ᠂ | ᠨᠡᠭᠦᠳᠡᠯ ᠨᠠᠮ ᠤᠨ ᠭᠡᠰᠢᠭᠦᠨ ᠤ ᠬᠠᠮᠢᠶᠠᠷᠤᠯᠲᠠ ᠶᠢᠨ ᠠᠷᠭ᠎ᠠ ᠵᠠᠮ ᠪᠣᠯᠣᠨ ᠠᠷᠭ᠎ᠠ ᠬᠡᠯᠪᠡᠷᠢ ᠶᠢ ᠴᠢᠨᠠᠭᠰᠢᠳᠠ | ᠥᠷᠭᠡᠳᠬᠡᠵᠦ᠂ ᠬᠠᠮᠢᠶᠠᠷᠤᠯᠲᠠ ᠶᠢᠨ ᠪᠣᠳᠠᠲᠤ ᠦᠷ᠎ᠡ ᠪᠦᠲᠦᠮᠵᠢᠲᠦ ᠴᠢᠨᠠᠷ ᠢ ᠳᠡᠭᠡᠭᠰᠢᠯᠡᠭᠦᠯᠬᠦ ᠪᠥᠭᠡᠳ ᠨᠡᠭᠦᠳᠡᠯ | ᠨᠠᠮ ᠤᠨ ᠭᠡᠰᠢᠭᠦᠨ ᠳᠤ ᠨᠡᠩ ᠢᠯᠡᠭᠦᠦ ᠬᠥᠭᠵᠢᠯᠲᠡ ᠶᠢᠨ ᠲᠠᠪᠴᠠᠩ ᠢ ᠪᠠᠶᠢᠭᠤᠯᠵᠤ᠂ ᠲᠡᠳᠡᠨ ᠳᠤ ᠬᠠᠮᠢᠭ᠎ᠠ | ᠪᠠᠶᠢᠭᠰᠠᠨ ᠴᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠬᠦᠷᠲᠡᠭᠡᠬᠦ ᠪᠣᠯᠣᠨ᠎ᠠ᠃ | | | | |