ᠡᠷᠡᠭᠦᠯ ᠮᠡᠨᠳᠦ ᠳᠤ ᠦᠢᠯᠡᠴᠢᠯᠡᠶ᠎ᠡ
ᠨᠡᠶᠢᠲᠡᠯᠡᠭᠰᠡᠨ ᠴᠠᠭ᠄
2024/11/5
      11 ᠰᠠᠷ᠎ᠠ ᠶᠢᠨ 1 ᠤ ᠡᠳᠦᠷ᠂ ᠬᠤᠲᠠ ᠶᠢᠨ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ᠂ ᠪᠠᠷᠠᠭᠤᠨ ᠬᠤᠳᠠ ᠨᠡᠶᠢᠭᠡᠮ ᠲᠣᠭᠤᠷᠢᠭ ᠬᠤᠲᠠ ᠶᠢᠨ ᠲᠦᠩ ᠷᠧᠨ ᠰᠢᠤ ᠵᠡᠭᠡᠯᠢ ᠶᠢᠨ ᠡᠮᠴᠢᠯᠡᠭᠡᠨ ᠤ ᠭᠠᠵᠠᠷ ᠲᠠᠢ ᠬᠠᠮᠲᠤᠷᠠᠨ ︽ᠬᠢᠲᠠᠳ ᠡᠮᠨᠡᠯᠭᠡ ᠶᠢᠨ ᠬᠠᠶᠢᠷ᠎ᠠ ᠬᠠᠯᠠᠮᠵᠢ ᠶᠢ ᠤᠯᠠᠮᠵᠢᠯᠠᠨ ᠵᠠᠯᠭᠠᠮᠵᠢᠯᠠᠵᠤ ᠠᠷᠠᠳ ᠣᠯᠠᠨ ᠳᠤ ᠬᠠᠶᠢᠷ᠎ᠠ ᠬᠠᠯᠠᠮᠵᠢ ᠬᠦᠷᠭᠡᠬᠦ︾ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠬᠡᠷ ᠤᠨ ᠡᠭᠦᠳᠡᠨ ᠳᠤ ᠣᠯᠠᠨ ᠲᠦᠮᠡᠨ ᠳᠤ ᠰᠦᠢᠳᠬᠡᠯ ᠬᠤᠷᠢᠶᠠᠬᠤ ᠥᠬᠡᠶ ᠪᠠᠷ ᠠᠯᠪᠠᠨ ᠵᠢᠷᠤᠮ ᠤᠨ ᠡᠮᠴᠢᠯᠡᠭᠡ ᠬᠢᠪᠠ᠃
    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠰᠠᠭᠤᠨ ᠯᠠᠪᠯᠠᠵᠤ ᠡᠮᠨᠡᠬᠦ ᠪᠠᠷ ᠢᠷᠡᠭᠰᠡᠨ ᠰᠠᠭᠤᠭᠠᠯᠢ ᠠᠷᠠᠳ ᠲᠠᠰᠤᠷᠠᠯᠳᠡ ᠦᠭᠡᠢ ᠴᠤᠪᠤᠷᠠᠯᠳᠤᠨ᠎ᠠ᠃ ᠠᠯᠪᠠᠨ ᠵᠢᠷᠤᠮ ᠤᠨ ᠡᠮᠴᠢᠯᠡᠭᠡ ᠳᠤᠮᠳᠠ᠂ ᠡᠮᠴᠢ ᠨᠠᠷ ᠬᠥᠮᠦᠨ ᠨᠢᠭᠡᠪᠦᠷᠢ ᠶᠢᠨ ᠠᠳᠠᠯᠢ ᠪᠤᠰᠤ ᠡᠪᠡᠳᠴᠢᠨ ᠪᠠ ᠪᠣᠳᠠᠭᠠᠯᠢ ᠪᠡᠶ᠎ᠡ ᠶᠢᠨ ᠵᠥᠷᠢᠶ᠎ᠡ ᠳᠤ ᠴᠢᠭᠯᠡᠭᠦᠯᠦᠨ᠂ ᠵᠦᠶ ᠵᠣᠬᠢᠰᠲᠠᠶ ᠣᠨᠣᠰᠢᠯᠠᠨ ᠡᠮᠨᠡᠬᠦ ᠰᠠᠨᠠᠭᠤᠯᠭ᠎ᠠ ᠪᠠ ᠡᠮᠨᠡᠨ ᠵᠠᠰᠠᠬᠤ ᠲᠥᠰᠦᠯ ᠢ ᠳᠤᠷᠠᠳᠬᠤ ᠶᠢᠨ ᠬᠠᠮᠲᠤ ᠪᠠᠶᠢᠩᠭᠤ ᠲᠣᠬᠢᠶᠠᠯᠳᠤᠳᠠᠭ ᠡᠪᠡᠳᠴᠢᠨ᠂ ᠣᠯᠠᠨ ᠡᠭᠦᠰᠳᠡᠭ ᠡᠪᠡᠳᠴᠢᠨ ᠢ ᠰᠡᠷᠭᠡᠶᠢᠯᠡᠬᠦ ᠮᠡᠳᠡᠯᠭᠡ ᠪᠠ ᠠᠩᠬᠠᠷᠬᠤ ᠵᠦᠢᠯᠡᠰ ᠢ ᠨᠠᠷᠢᠨ ᠲᠠᠶᠢᠯᠪᠤᠷᠢᠯᠠᠵᠤ᠂ ᠣᠯᠠᠨ ᠳᠤ ᠵᠦᠶ ᠵᠣᠬᠢᠰᠲᠠᠶ ᠬᠤᠭᠤᠯᠠ ᠢᠳᠡᠬᠦ᠂ ᠪᠣᠯᠪᠠᠰᠤᠷᠠᠯ ᠢᠶᠠᠨ ᠴᠢᠩᠭᠠᠳᠬᠠᠬᠤ᠂ ᠰᠢᠬᠢᠷ ᠰᠢᠵᠢᠩ ᠡᠪᠡᠳᠴᠢᠨ᠂ ᠴᠢᠰᠤᠨ ᠳᠠᠷᠤᠯᠲᠠ ᠥᠨᠳᠥᠷ ᠪᠠᠶᠢᠬᠤ ᠵᠡᠷᠭᠡ ᠪᠠᠶᠢᠩᠭᠤ ᠲᠣᠬᠢᠶᠠᠯᠳᠤᠬᠤ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠶᠢ ᠰᠠᠨᠠᠭᠤᠯᠪᠠ᠃
    ᠬᠤᠲᠠ ᠶᠢᠨ ᠠᠷᠠᠳ ᠬᠤᠤ ᠵᠢᠶᠦ᠋ᠨ ᠬᠡᠯᠡᠭᠰᠡᠨ ᠨᠢ᠄ ︽ᠡᠨᠡ ᠤᠳᠠᠭᠠᠨ ᠤ ᠠᠵᠢᠯᠯᠠᠭ᠎ᠠ ᠨᠢ ᠡᠮᠴᠢᠯᠡᠭᠡᠨ ᠤ ᠲᠤᠰᠬᠠᠶ ᠮᠡᠷᠭᠡᠵᠢᠯᠲᠡᠨ ᠢ ᠰᠢᠭᠤᠳ ᠬᠡᠷ ᠤᠨ ᠡᠭᠦᠳᠡᠨ ᠳᠤ ᠬᠦᠷᠭᠡᠵᠦ᠂ ᠢᠩᠭᠢᠪᠡᠯ ᠡᠷᠡᠭᠦᠯ ᠮᠡᠨᠳᠦ ᠶᠢ ᠬᠦᠷᠭᠡᠬᠦ ᠠᠵᠢᠯᠯᠠᠭ᠎ᠠ ᠮᠠᠰᠢ ᠰᠠᠶᠢᠨ ᠪᠣᠯᠤᠨ᠎ᠠ᠃ ᠠᠷᠠᠳ ᠣᠯᠠᠨ ᠤ ᠡᠪᠡᠳᠴᠢᠨ ᠰᠡᠷᠭᠡᠶᠢᠯᠡᠬᠦ᠂ ᠡᠪᠡᠳᠴᠢᠨ ᠦᠵᠡᠭᠦᠯᠬᠦ ᠳᠤ ᠴᠥᠮ ᠮᠠᠰᠢ ᠶᠡᠭᠡ ᠬᠠᠪᠰᠤᠷᠤᠯᠭ᠎ᠠ ᠦᠵᠡᠭᠦᠯᠵᠡᠢ᠂ ᠦᠨᠡᠬᠡᠷ ᠮᠠᠰᠢ ᠳᠣᠲᠣᠨᠣ ᠪᠠᠶᠢᠨ᠎ᠠ︾ ᠭᠡᠵᠦ ᠬᠡᠯᠡᠪᠡ᠃      ᠲᠣᠰ ᠤᠳᠠᠭᠠᠨ ᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠨᠢ ᠬᠢᠲᠠᠳ ᠡᠮᠨᠡᠯᠭᠡ ᠶᠢᠨ ᠳᠣᠲᠣᠷ ᠰᠠᠯᠠᠭ᠎ᠠ᠂ ᠶᠠᠰᠤ ᠰᠢᠷᠬ᠎ᠠ᠂ ᠡᠮᠡᠭᠲᠡᠶᠢᠴᠦᠳ ᠬᠡᠤᠬᠡᠳ ᠵᠡᠷᠭᠡ ᠣᠯᠠᠨ ᠰᠢᠨᠵᠢᠯᠡᠭᠡᠨ ᠤ ᠰᠠᠯᠠᠭ᠎ᠠ ᠶᠢ ᠬᠠᠮᠤᠷᠴᠤ᠂ ᠬᠤᠲᠠ ᠶᠢᠨ ᠠᠷᠠᠳ ᠲᠤ ᠰᠦᠢᠳᠬᠡᠯ ᠬᠤᠷᠢᠶᠠᠬᠤ ᠥᠬᠡᠶ ᠪᠠᠷ ᠴᠢᠰᠤᠨ ᠳᠠᠷᠤᠯᠲᠠ ᠶᠢ ᠬᠡᠮᠵᠢᠬᠦ᠂ ᠴᠢᠰᠤᠨ ᠰᠢᠬᠢᠷ ᠢ ᠬᠡᠮᠵᠢᠬᠦ᠂ ᠬᠢᠲᠠᠳ ᠡᠮᠨᠡᠯᠭᠡ CT ︵ᠤᠯᠠᠭᠠᠨ ᠤ ᠭᠠᠳᠠᠨᠠᠬᠢ ᠬᠠᠯᠠᠭᠤᠷᠠᠯ ᠢᠶᠠᠷ ᠳᠦᠷᠰᠦ ᠪᠦᠲᠦᠭᠡᠭᠰᠡᠨ︶ ᠶᠢ ᠪᠠᠶᠢᠴᠠᠭᠠᠬᠤ᠂ ᠰᠤᠳᠠᠯ ᠢ ᠠᠳᠬᠤᠨ ᠣᠨᠣᠰᠢᠯᠠᠬᠤ᠂ ᠶᠠᠰᠤ ᠪᠠᠷᠢᠬᠤ ᠵᠠᠰᠠᠯ᠂ ᠵᠡᠭᠦᠦ ᠲᠥᠭᠡᠨᠡᠯᠭᠡ᠂ ᠢᠯᠢᠵᠦ ᠪᠠᠷᠢᠬᠤ ᠵᠡᠷᠭᠡ ᠦᠢᠯᠡᠴᠢᠯᠡᠭᠡ ᠶᠢ ᠬᠠᠩᠭᠠᠭᠰᠠᠨ ᠪᠠᠶᠢᠨ᠎ᠠ᠃      ᠲᠦᠩ ᠷᠧᠨ ᠰᠢᠤ ᠾᠧ ᠬᠢᠲᠠᠳ ᠡᠮᠨᠡᠯᠭᠡ ᠶᠢᠨ ᠡᠭᠦᠳᠡᠨ ᠡᠮᠨᠡᠯᠭᠡ ᠶᠢᠨ ᠬᠡᠯᠲᠡᠰ ᠤᠨ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠲᠣᠰ ᠤᠳᠠᠭᠠᠨ ᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠨᠢ 3 ᠡᠳᠦᠷ ᠶᠠᠪᠤᠭᠳᠠᠵᠤ᠂ ᠡᠭᠦᠨ ᠤ ᠳᠠᠷᠠᠭ᠎ᠠ ᠪᠠᠰᠠ ᠪᠡᠭᠡᠵᠢᠩ ᠤᠨ ᠲᠦᠩ ᠷᠧᠨ ᠲᠠᠩ ᠸᠠᠩ ᠹᠦ᠋ ᠵᠢᠩ ᠤᠨ ᠬᠢᠲᠠᠳ ᠡᠮᠨᠡᠯᠭᠡ ᠶᠢᠨ ᠬᠤᠷᠢᠶᠠᠨ ᠤ ᠳᠠᠷᠤᠭ᠎ᠠ᠂ ᠪᠡᠭᠡᠵᠢᠩ ᠬᠤᠲᠠ ᠶᠢᠨ ᠨᠠᠷᠠᠲᠤ ᠠᠬᠠᠮᠠᠳ ᠬᠢᠲᠠᠳ ᠡᠮᠴᠢ ᠯᠢᠦ ᠱᠸᠦ ᠶᠦᠩ ᠫᠷᠤᠹᠧᠰᠰᠤᠷ ᠨᠠᠷ ᠢ ᠲᠤᠰᠬᠠᠶᠢᠯᠠᠨ ᠤᠷᠢᠵᠤ ᠡᠪᠡᠳᠴᠢᠨ ᠦᠵᠡᠭᠦᠯᠵᠦ᠂ ᠲᠠᠶᠢᠯᠤᠮᠵᠢ ᠬᠢᠯᠭᠡᠵᠦ᠂ ᠡᠨᠡ ᠲᠠᠯ᠎ᠠ ᠪᠠᠷ ᠬᠡᠷᠡᠭᠴᠡᠭᠡ ᠲᠠᠢ ᠬᠤᠲᠠ ᠶᠢᠨ ᠠᠷᠠᠳ ᠠᠰᠠᠭᠤᠨ ᠯᠠᠪᠯᠠᠵᠤ ᠪᠣᠯᠤᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号