ᠡᠮᠦᠨ᠎ᠡ 10 ᠰᠠᠷ᠎ᠠ ᠳᠤ ᠡᠷᠢᠶᠡᠨ ᠲᠡᠮᠦᠷ ᠵᠠᠮ ᠤᠨ ᠪᠣᠭᠤᠮᠲᠠ ᠪᠠᠷ ᠣᠷᠣᠵᠤ ᠭᠠᠷᠬᠤ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ 2800 ᠴᠤᠪᠤᠭ᠎ᠠ ᠪᠣᠯᠪᠠ
ᠨᠡᠶᠢᠲᠡᠯᠡᠭᠰᠡᠨ ᠴᠠᠭ᠄
2024/11/5
【 ᠲᠠᠪᠤᠨ ᠶᠡᠭᠡ ᠡᠭᠦᠷᠭᠡ ᠶᠢᠨ ᠠᠮᠵᠢᠯᠲᠠ ᠤᠯᠬᠤ ᠶᠢ ᠠᠬᠢᠭᠤᠯᠤᠨ᠎ᠠ 】 ᠡᠮᠦᠨ᠎ᠡ 10 ᠰᠠᠷ᠎ᠠ ᠳᠤ ᠡᠷᠢᠶᠡᠨ ᠲᠡᠮᠦᠷ ᠵᠠᠮ ᠤᠨ ᠪᠣᠭᠤᠮᠲᠠ ᠪᠠᠷ ᠣᠷᠣᠵᠤ ᠭᠠᠷᠬᠤ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ 2800 ᠴᠤᠪᠤᠭ᠎ᠠ ᠪᠣᠯᠪᠠ      ᠲᠤᠭ᠎ᠠ ᠪᠠᠷᠢᠮᠲᠠ ᠠᠴᠠ ᠦᠵᠡᠪᠡᠯ᠂ ᠡᠨᠡ ᠵᠢᠯ ᠤᠨ ᠲᠦᠷᠦᠭᠦᠤ 10 ᠰᠠᠷ᠎ᠠ ᠳᠤ᠂ ᠡᠷᠢᠶᠡᠨ ᠲᠡᠮᠦᠷ ᠵᠠᠮ ᠤᠨ ᠪᠣᠭᠤᠮᠲᠠ ᠪᠠᠷ ᠣᠷᠣᠵᠤ ᠭᠠᠷᠬᠤ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ 2871 ᠴᠤᠪᠤᠭ᠎ᠠ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 5.8% ᠪᠠᠷ ᠨᠡᠮᠡᠭᠳᠡᠪᠡ︔ ᠵᠢᠰᠢᠶᠠᠨ ᠤ ᠭᠠᠯᠲᠤ ᠲᠡᠷᠭᠡ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠠᠷᠠᠭᠠᠨ ᠤ ᠶᠡᠷᠦᠩᠬᠡᠶ ᠬᠡᠮᠵᠢᠶ᠎ᠡ 359.4 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.1% ᠪᠠᠷ ᠨᠡᠮᠡᠭᠳᠡᠪᠡ︔ ᠪᠠᠷᠢᠮᠵᠢᠶᠠᠲᠤ ᠬᠠᠶᠢᠷᠴᠠᠭ 32.9 ᠲᠦᠮᠡᠨ ᠬᠠᠶᠢᠷᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 6.8% ᠪᠠᠷ ᠨᠡᠮᠡᠭᠳᠡᠪᠡ᠃
    ᠡᠷᠢᠶᠡᠨ ᠲᠡᠮᠦᠷ ᠵᠠᠮ ᠤᠨ ᠪᠣᠭᠤᠮᠲᠠ ᠪᠣᠯ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠪᠣᠯᠤᠨ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡᠨ ᠤ ᠵᠠᠩᠭᠢᠯᠠᠭ᠎ᠠ ᠶᠢᠨ ᠴᠡᠭ ᠪᠣᠯᠤᠨ᠎ᠠ᠃ ᠣᠳᠣᠬᠠᠨ ᠳᠤ᠂ ᠡᠷᠢᠶᠡᠨ ᠲᠡᠮᠦᠷ ᠵᠠᠮ ᠤᠨ ᠪᠣᠭᠤᠮᠲᠠ ᠪᠠᠷ ᠥᠩᠭᠡᠷᠡᠬᠦ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠨᠢ ᠭᠧᠷᠮᠠᠨ᠂ ᠫᠤᠯᠠᠨᠳ᠋᠂ ᠮᠣᠩᠭᠤᠯ ᠤᠯᠤᠰ ᠵᠡᠷᠭᠡ 12 ᠤᠯᠤᠰ ᠤᠨ 72 ᠥᠷᠲᠡᠭᠡ ᠴᠡᠭ ᠪᠤᠶᠤ ᠬᠤᠲᠠ ᠶᠢ ᠬᠤᠯᠪᠣᠵᠤ᠂ ᠤᠯᠤᠰ ᠤᠨ ᠳᠣᠲᠣᠭᠠᠳᠤ ᠳᠤ 24 ᠮᠤᠵᠢ ᠬᠤᠲᠠ᠂ 64 ᠬᠤᠲᠠ ᠶᠢ ᠬᠠᠮᠤᠷᠴᠠᠢ᠃
    ᠬᠢᠯᠢ ᠪᠠᠷ ᠣᠷᠣᠵᠤ ᠭᠠᠷᠬᠤ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠲᠠᠰᠤᠷᠠᠯᠲᠠ ᠥᠬᠡᠶ ᠨᠡᠮᠡᠭᠳᠡᠵᠦ ᠪᠠᠶᠢᠭ᠎ᠠ ᠪᠣᠳᠠᠲᠤ ᠪᠠᠶᠢᠳᠠᠯ ᠤᠨ ᠡᠮᠦᠨ᠎ᠡ᠂ ᠡᠷᠢᠶᠡᠨ ᠲᠡᠮᠦᠷ ᠵᠠᠮ ᠤᠨ ᠪᠣᠭᠤᠮᠲᠠ ᠨᠢ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠪᠠᠨ ᠴᠢᠩᠭᠠᠳᠬᠠᠵᠤ᠂ ᠥᠷᠲᠡᠭᠡ ᠲᠠᠯᠠᠪᠠᠶ ᠶᠢᠨ ᠴᠢᠳᠠᠪᠤᠷᠢ ᠪᠠᠨ ᠥᠷᠭᠡᠳᠬᠡᠨ ᠵᠠᠮ ᠢᠶᠠᠨ ᠥᠭᠡᠷᠡᠴᠢᠯᠡᠬᠦ ᠶᠢ ᠲᠦᠷᠭᠡᠳᠬᠡᠨ ᠠᠬᠢᠭᠤᠯᠵᠤ᠂ ᠵᠠᠯᠭᠠᠨ ᠲᠡᠭᠡᠭᠡᠪᠦᠷᠢᠯᠡᠵᠦ ᠰᠣᠯᠢᠵᠤ ᠠᠴᠢᠶᠠᠯᠠᠬᠤ ᠠᠵᠢᠯᠯᠠᠭᠠᠨ ᠤ ᠵᠠᠭᠪᠤᠷ ᠢ ᠰᠢᠯᠢᠳᠡᠭᠵᠢᠭᠦᠯᠦᠨ᠂ ᠲᠡᠷᠭᠡ ᠵᠢᠯᠣᠭᠤᠳᠬᠤ᠂ ᠪᠠᠷᠠᠭ᠎ᠠ ᠲᠡᠭᠡᠭᠡᠪᠦᠷᠢᠯᠡᠬᠦ᠂ ᠠᠴᠢᠶᠠᠯᠠᠵᠤ ᠪᠠᠭᠤᠯᠭᠠᠬᠤ ᠶᠢ ᠨᠢᠭᠡ ᠴᠣᠭᠴᠠᠵᠢᠭᠤᠯᠤᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠣᠶ ᠪᠣᠯᠭᠠᠵᠤ᠂ ᠨᠡᠪᠲᠡᠷᠡᠬᠦ ᠵᠠᠮ ᠤᠨ ᠲᠡᠭᠡᠭᠡᠪᠦᠷᠢ ᠶᠢᠨ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠪᠡ᠃ ︽ᠲᠣᠭᠠᠴᠢᠯᠠᠭᠰᠠᠨ ᠪᠣᠭᠤᠮᠲᠠ︾ ᠶᠢᠨ ᠪᠥᠲᠥᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠪᠠᠷᠠᠭᠠᠨ ᠤ ᠲᠡᠭᠡᠭᠡᠪᠦᠷᠢ ᠶᠢᠨ ᠦᠢᠯᠡᠳᠪᠦᠷᠢᠯᠡᠯ ᠤᠨ ᠬᠠᠮᠢᠶᠠᠷᠤᠨ ᠡᠵᠡᠮᠳᠡᠬᠦ ᠲᠠᠪᠴᠠᠩ ᠪᠠ ᠲᠡᠷᠭᠡ ᠲᠣᠬᠢᠷᠠᠭᠤᠯᠵᠤ ᠠᠵᠢᠯᠯᠠᠬᠤ ᠠᠮᠤᠷ ᠲᠦᠪᠰᠢᠨ ᠤ ᠬᠠᠮᠠᠭᠠᠯᠠᠯᠲᠠ ᠶᠢᠨ ᠰᠢᠰᠲ᠋ᠧᠮ ᠢ ᠢᠳᠡᠪᠬᠢᠲᠡᠶ ᠬᠡᠷᠡᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠲᠤᠭ᠎ᠠ ᠬᠡᠮᠵᠢᠶ᠎ᠡ ᠶᠠᠰᠤ ᠴᠢᠨᠠᠷ ᠢ ᠵᠡᠷᠭᠡ ᠪᠠᠷ ᠳᠡᠭᠡᠭᠰᠢᠯᠡᠭᠦᠯᠦᠨ᠎ᠡ᠃ ᠬᠤᠳᠠᠯᠳᠤᠭᠠᠨ ᠤ ᠶᠠᠪᠤᠳᠠᠯ᠂ ᠪᠣᠭᠤᠮᠲᠠ᠂ ᠬᠢᠯᠢ ᠶᠢᠨ ᠪᠠᠶᠢᠴᠠᠭᠠᠯᠲᠠ᠂ ᠲᠡᠮᠦᠷ ᠵᠠᠮ ᠤᠨ ᠲᠡᠷᠭᠡᠨ ᠥᠷᠲᠡᠭᠡ ᠵᠡᠷᠭᠡ ᠨᠢᠭᠡᠴᠡ ᠶᠢᠨ ᠬᠠᠮᠵᠢᠯᠴᠠᠬᠤ ᠬᠢᠷᠢ ᠲᠦᠪᠰᠢᠨ ᠢ ᠴᠢᠩᠭᠠᠳᠬᠠᠵᠤ᠂ ᠡᠯ᠎ᠡ ᠭᠤᠭᠴᠤᠭ᠎ᠠ ᠶᠢᠨ ᠮᠡᠳᠡᠭᠡ ᠵᠠᠩᠭᠢ ᠶᠢ ᠬᠠᠷᠢᠯᠴᠠᠨ ᠨᠡᠪᠲᠡᠷᠡᠯᠴᠡᠵᠦ ᠬᠠᠮᠲᠤ ᠪᠠᠷ ᠡᠳ᠋ᠯᠡᠬᠦ ᠶᠢ ᠪᠡᠶᠡᠯᠡᠭᠦᠯᠦᠨ᠂ ᠪᠠᠶᠢᠴᠠᠭᠠᠨ ᠰᠢᠯᠭᠠᠬᠤ ᠴᠠᠭ ᠢ ᠤᠯᠠᠮ ᠨᠢᠭᠡ ᠠᠯᠬᠤᠮ ᠪᠠᠭᠠᠰᠬᠠᠵᠤ᠂ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ ᠶᠢ ᠪᠣᠭᠤᠮᠲᠠ ᠪᠠᠷ ᠥᠩᠭᠡᠷᠡᠬᠦ ᠳᠤ ︽ᠲᠦᠷᠭᠡᠨ ᠣᠷᠣᠭᠤᠯᠬᠤ ᠳᠠᠷᠤᠪᠴᠢ︾ ᠶᠢ ᠳᠠᠷᠤᠭᠤᠯᠬᠤ ᠬᠡᠷᠡᠭᠲᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号