ᠳᠤᠮᠳᠠᠳᠤ ᠮᠣᠩᠭᠤᠯ ᠤᠨ ᠡᠷᠢᠶᠡᠨ ᠬᠤᠲᠠ - ᠵᠠᠮ ᠤᠨ ᠡᠭᠦᠳᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠤ ᠬᠤᠳᠠᠯᠳᠤᠭᠠᠴᠢᠨ ᠤᠷᠢᠬᠤ ᠲᠠᠨᠢᠯᠴᠠᠭᠤᠯᠭ᠎ᠠ ᠶᠢᠨ ᠬᠤᠷᠠᠯ ᠱᠠᠩᠬᠠᠶ ᠳᠤ ᠶᠠᠪᠤᠭᠳᠠᠪᠠ
ᠨᠡᠶᠢᠲᠡᠯᠡᠭᠰᠡᠨ ᠴᠠᠭ᠄
2024/11/8
           ᠳᠣᠯᠣᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠣᠯᠠᠨ ᠤᠯᠤᠰ ᠤᠨ ᠭᠠᠳᠠᠭᠠᠳᠤ ᠣᠷᠣᠭᠤᠯᠤᠯᠲᠠ ᠶᠢᠨ ᠦᠵᠡᠰᠬᠦᠯᠡᠩ ᠤᠨ ᠴᠤᠭᠯᠠᠭᠠᠨ ᠤ ᠬᠤᠭᠤᠴᠠᠭᠠᠨ ᠳᠤ᠂ 11 ᠳ᠋ᠦ᠋ᠭᠡᠷ ᠰᠠᠷ᠎ᠠ ᠶᠢᠨ 7 ᠤ ᠡᠳᠦᠷ ᠤᠨ ᠦᠳᠡ ᠶᠢᠨ ᠬᠤᠶᠢᠨ᠎ᠠ᠂ ᠳᠤᠮᠳᠠᠳᠤ ᠮᠣᠩᠭᠤᠯ ᠤᠨ ᠡᠷᠢᠶᠡᠨ ᠬᠤᠲᠠ - ᠵᠠᠮ ᠤᠨ ᠡᠭᠦᠳᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠣᠭᠤᠷᠢᠭ ᠤᠨ ᠬᠤᠳᠠᠯᠳᠤᠭᠠᠴᠢᠨ ᠤᠷᠢᠬᠤ ᠲᠠᠨᠢᠯᠴᠠᠭᠤᠯᠭ᠎ᠠ ᠶᠢᠨ ᠬᠤᠷᠠᠯ ᠤᠯᠤᠰ ᠤᠨ ᠬᠤᠷᠠᠯ ᠦᠵᠡᠰᠬᠦᠯᠡᠩ ᠤᠨ ᠲᠥᠪ ︵ᠱᠠᠩᠬᠠᠶ︶ ᠳᠤ ᠶᠠᠪᠤᠭᠳᠠᠪᠠ᠃ ᠬᠤᠷᠠᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠢᠶᠡᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠮᠣᠩᠭᠤᠯ ᠤᠯᠤᠰ ᠤᠨ ᠵᠠᠮ ᠤᠨ ᠡᠭᠦᠳᠡ ᠴᠢᠯᠥᠭᠡᠲᠦ ᠣᠷᠣᠨ ᠤ ᠬᠠᠮᠢᠶᠠᠷᠤᠯᠲᠠ ᠶᠢᠨ ᠵᠥᠪᠯᠡᠯ ᠲᠠᠢ ᠬᠠᠮᠲᠤᠷᠠᠨ ᠡᠷᠬᠢᠯᠡᠨ᠎ᠡ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠮᠣᠩᠭᠤᠯ ᠤᠯᠤᠰ ᠤᠨ ᠳᠡᠳ᠋ ᠶᠡᠷᠦᠩᠬᠡᠢ ᠰᠠᠶᠢᠳ ᠠᠯᠪᠠᠨ ᠲᠢᠩᠬᠢᠮ᠂ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠱᠠᠩᠬᠠᠢ ᠳᠤ ᠰᠠᠭᠤᠭ᠎ᠠ ᠬᠡᠷᠡᠭ ᠡᠷᠬᠢᠯᠡᠬᠦ ᠭᠠᠵᠠᠷ ᠠᠴᠠ ᠪᠣᠳᠠᠲᠠᠢ ᠵᠢᠯᠣᠭᠤᠳᠤᠨ᠎ᠠ᠃
    ᠡᠷᠢᠶᠡᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠮᠠ ᠬᠠᠶ ᠲᠤᠤ᠂ ᠡᠷᠢᠶᠡᠨ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠰᠢᠶᠤᠤ ᠵᠢᠶᠠᠨ ᠵᠢᠶᠦ᠋ᠨ᠂ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠠᠢ ᠰᠢᠶᠠᠩ ᠬᠤᠸᠠ᠂ ᠮᠣᠩᠭᠤᠯ ᠤᠯᠤᠰ ᠤᠨ ᠳᠡᠳ᠋ ᠶᠡᠷᠦᠩᠬᠡᠶ ᠰᠠᠶᠢᠳ ᠰᠠ᠊ · ᠠᠮᠤᠷᠰᠠᠶᠢᠬᠠᠨ᠂ ᠬᠥᠬᠡᠬᠤᠲᠠ ᠳᠤ ᠰᠠᠭᠤᠭ᠎ᠠ ᠮᠣᠩᠭᠤᠯ ᠤᠯᠤᠰ ᠤᠨ ᠶᠡᠷᠦᠩᠬᠡᠶ ᠺᠤᠨᠰᠦ᠋ᠯ ᠱᠠ · ᠤᠷᠭᠢᠯ᠂ ᠵᠠᠮ ᠤᠨ ᠡᠬᠦᠳᠠ ᠶᠢᠨ ᠴᠢᠯᠥᠭᠡᠲᠦ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠮᠠ · ᠠᠮᠤᠭᠤᠯᠠᠩ ᠬᠤᠷᠠᠯ ᠳᠤ ᠣᠷᠣᠯᠴᠠᠵᠠᠶ᠃      ᠲᠣᠰ ᠤᠳᠠᠭᠠᠨ ᠤ ᠬᠤᠷᠠᠯ ᠨᠢ ︽ᠭᠠᠷ ᠬᠤᠯᠪᠣᠨ ᠬᠠᠮᠲᠤ ᠪᠠᠷ ᠠᠰᠢᠭ ᠭᠥᠷᠳᠡᠬᠦ - ᠳᠤᠮᠳᠠᠳᠤ ᠮᠣᠩᠭᠤᠯ ᠤᠨ ᠠᠵᠤ ᠠᠬᠤᠶ ᠶᠢᠨ ᠬᠠᠮᠲᠤᠷᠠᠯᠴᠠᠭᠠᠨ ᠤ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠬᠦ︾ ᠪᠠᠷ ᠭᠤᠤᠯ ᠰᠡᠳᠦᠪ ᠪᠣᠯᠭᠠᠵᠤ᠂ ᠳᠤᠮᠳᠠᠳᠤ ᠮᠣᠩᠭᠤᠯ ᠤᠨ ᠠᠵᠤ ᠠᠬᠤᠶ ᠶᠢᠨ ᠬᠠᠮᠲᠤᠷᠠᠯᠴᠠᠭᠠᠨ ᠤ ᠬᠠᠮᠲᠤᠷᠠᠨ ᠬᠡᠷᠡᠭᠵᠢᠭᠦᠯᠬᠦ ᠵᠥᠪᠯᠡᠯ ᠤᠨ ᠠᠩᠬᠠᠳᠤᠭᠠᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠨᠢᠭᠡ ᠴᠣᠭᠴᠠᠵᠢᠭᠤᠯᠤᠨ ᠬᠤᠳᠠᠯᠳᠤᠭᠠᠴᠢᠨ ᠤᠷᠢᠬᠤ ᠶᠢ ᠨᠢᠭᠡᠳᠦᠯᠲᠡᠶ ᠲᠥᠯᠥᠪᠯᠡᠨ ᠥᠷᠨᠢᠭᠦᠯᠵᠦ᠂ ᠬᠠᠮᠲᠤᠷᠠᠯᠴᠠᠭᠠᠨ ᠤ ᠣᠷᠣᠨ ᠤ ᠳᠤᠮᠳᠠᠳᠤ ᠮᠣᠩᠭᠤᠯ ᠬᠤᠶᠠᠷ ᠲᠠᠯ᠎ᠠ ᠶᠢᠨ ᠣᠷᠣᠨ ᠪᠠᠶᠢᠷᠢ ᠶᠢᠨ ᠳᠠᠪᠠᠭᠤᠯᠢᠭ᠂ ᠡᠬᠢ ᠪᠠᠶᠠᠯᠢᠭ ᠤᠨ ᠳᠠᠪᠠᠭᠤᠯᠢᠭ᠂ ᠠᠵᠤ ᠦᠢᠯᠡᠰ ᠤᠨ ᠪᠠᠶᠢᠷᠢᠰᠢᠭᠤᠯᠤᠯᠲᠠ᠂ ᠲᠥᠷᠥ ᠶᠢᠨ ᠪᠣᠳᠣᠯᠭ᠎ᠠ ᠶᠢᠨ ᠳᠠᠪᠠᠭᠤᠯᠢᠭ ᠪᠠ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠵᠡᠷᠭᠡ ᠶᠢ ᠭᠤᠤᠯᠳᠠᠯᠭ᠎ᠠ ᠲᠠᠢ ᠲᠠᠨᠢᠯᠴᠠᠭᠤᠯᠵᠤ᠂ ᠥᠨᠳᠥᠷ ᠬᠢᠷᠢ ᠲᠦᠪᠰᠢᠨ ᠪᠥᠬᠦᠶ ᠨᠡᠭᠡᠭᠡᠯᠲᠡ ᠬᠢᠵᠦ ᠬᠠᠮᠲᠤᠷᠠᠯᠴᠠᠬᠤ ᠠᠰᠢᠭ ᠲᠤᠰᠠ ᠶᠢ ᠬᠠᠮᠲᠤ ᠪᠠᠷ ᠬᠤᠪᠢᠶᠠᠯᠴᠠᠵᠤ᠂ ᠬᠠᠮᠲᠤᠷᠠᠯᠴᠠᠭᠠᠨ ᠤ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠪᠠ᠃ ᠤᠯᠤᠰ ᠤᠨ ᠳᠣᠲᠣᠭᠠᠳᠤ ᠶᠢᠨ ᠲᠠᠪᠤᠨ ᠵᠠᠭᠤᠨ ᠬᠦᠴᠦᠷᠬᠡᠭ ᠠᠵᠤ ᠠᠬᠤᠶᠢᠯᠠᠯ᠂ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ᠂ ᠠᠵᠢᠯ ᠲᠥᠷᠥᠯ ᠤᠨ ᠨᠡᠶᠢᠭᠡᠮᠯᠢᠭ᠂ ᠠᠵᠤ ᠠᠬᠤᠶᠢᠯᠠᠯ ᠤᠨ ᠡᠲᠡᠭᠡᠳ ᠤᠨ ᠲᠥᠯᠥᠭᠡᠯᠡᠭᠴᠢ ᠵᠢᠴᠢ ᠮᠣᠩᠭᠤᠯ ᠤᠯᠤᠰ ᠤᠨ ᠠᠯᠪᠠᠨ ᠤ ᠪᠠ ᠠᠵᠤ ᠠᠬᠤᠶᠢᠯᠠᠯ ᠤᠨ ᠲᠥᠯᠥᠭᠡᠯᠡᠭᠴᠢ 300 ᠭᠠᠷᠤᠶ ᠬᠥᠮᠦᠨ ᠣᠷᠣᠯᠴᠠᠵᠠᠶ᠃ ᠬᠤᠷᠠᠯ ᠳᠡᠭᠡᠷ᠎ᠡ ᠡᠷᠢᠶᠡᠨ ᠬᠤᠲᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠤᠬᠠᠭᠤᠯᠭ᠎ᠠ ᠶᠢᠨ ᠹᠢᠯᠢᠮ᠂ ᠮᠣᠩᠭᠤᠯ ᠤᠯᠤᠰ ᠤᠨ ᠵᠠᠮ ᠤᠨ ᠡᠭᠦᠳᠡ ᠶᠢᠨ ᠴᠢᠯᠥᠭᠡᠲᠦ ᠲᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠤᠬᠠᠭᠤᠯᠭ᠎ᠠ ᠶᠢᠨ ᠹᠢᠯᠢᠮ ᠢ ᠨᠡᠶᠢᠲᠡᠯᠡᠵᠦ᠂ ᠳᠤᠮᠳᠠᠳᠤ ᠮᠣᠩᠭᠤᠯ ᠤᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠤ ᠥᠨᠳᠥᠷ ᠬᠢᠷᠢ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢᠨ ᠬᠤᠳᠠᠯᠳᠤᠭᠠᠴᠢᠨ ᠤᠷᠢᠬᠤ ᠣᠷᠴᠢᠨ ᠨᠥᠬᠦᠴᠡᠯ ᠢ ᠲᠥᠪᠯᠡᠷᠡᠭᠦᠯᠦᠨ ᠦᠵᠡᠭᠦᠯᠪᠡ᠃
     ᠮᠠᠨ ᠤ ᠲᠠᠯ᠎ᠠ ᠢᠯᠡᠷᠬᠡᠶᠢᠯᠡᠭᠰᠡᠨ ᠨᠢ᠂ ᠳᠤᠮᠳᠠᠳᠤ ᠮᠣᠩᠭᠤᠯ ᠬᠠᠷᠢᠯᠴᠠᠨ ᠴᠢᠬᠤᠯᠠ ᠬᠥᠷᠰᠢ ᠤᠯᠤᠰ ᠪᠣᠯᠤᠨ᠎ᠠ᠂ ᠬᠤᠶᠠᠷ ᠲᠠᠯ᠎ᠠ ᠶᠢᠨ ᠠᠵᠤ ᠠᠬᠤᠶ ᠠᠷᠠᠯᠵᠢᠶᠠᠨ ᠤ ᠬᠠᠮᠲᠤᠷᠠᠯᠴᠠᠭ᠎ᠠ ᠡᠯᠪᠡᠭ ᠦᠷ᠎ᠡ ᠪᠦᠲᠦᠭᠡᠯ ᠣᠯᠵᠤ᠂ ᠪᠥᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠲᠠᠰᠤᠷᠠᠯᠲᠠ ᠥᠬᠡᠶ ᠭᠦᠨᠵᠡᠭᠡᠶᠢᠷᠡᠪᠡ᠃ ᠥᠪᠥᠷ ᠮᠣᠩᠭᠤᠯ ᠪᠣᠯ ᠳᠤᠮᠳᠠᠳᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠡᠮᠦᠨ᠎ᠡ ᠵᠠᠬ᠎ᠠ ᠶᠢᠨ ᠴᠣᠩᠬᠤ ᠪᠣᠯᠤᠭᠰᠠᠨ ᠤ ᠬᠤᠪᠢ ᠳᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠳᠤ ᠢᠳᠡᠪᠬᠢᠲᠡᠶ ᠣᠷᠣᠯᠴᠠᠵᠤ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠠᠶᠢᠭᠤᠯᠵᠤ ᠪᠠᠶᠢᠨ᠎ᠠ᠃ ᠳᠤᠮᠳᠠᠳᠤ ᠮᠣᠩᠭᠤᠯ ᠤᠨ ᠡᠷᠢᠶᠡᠨ ᠬᠤᠲᠠ - ᠵᠠᠮ ᠤᠨ ᠡᠭᠦᠳᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠪᠣᠯ ᠳᠤᠮᠳᠠᠳᠤ ᠤᠯᠤᠰ ᠬᠢᠭᠡᠳ ᠬᠥᠷᠰᠢ ᠵᠡᠷᠭᠡᠯᠡᠳᠡᠭᠡ ᠤᠯᠤᠰ ᠣᠷᠣᠨ ᠤ ᠬᠠᠮᠲᠤ ᠪᠠᠷ ᠪᠠᠶᠢᠭᠤᠯᠤᠭᠰᠠᠨ ᠠᠵᠤ ᠠᠬᠤᠶ ᠶᠢᠨ ᠬᠠᠮᠲᠤᠷᠠᠯᠴᠠᠭᠠᠨ ᠤ ᠭᠤᠷᠪᠠᠳᠤᠭᠠᠷ ᠣᠷᠣᠨ ᠮᠥᠨ᠂ ᠬᠥᠭᠵᠢᠯᠲᠡ ᠶᠢᠨ ᠳᠠᠯᠳᠠ ᠬᠦᠴᠦᠨ ᠯᠤᠲᠤ ᠶᠡᠭᠡ᠂ ᠬᠠᠮᠲᠤᠷᠠᠯᠴᠠᠭᠠᠨ ᠤ ᠠᠯᠤᠰ ᠬᠡᠲᠦ ᠶᠢᠨ ᠲᠥᠯᠥᠪ ᠥᠷᠭᠡᠨ ᠠᠭᠤᠳᠠᠮ ᠪᠠᠶᠢᠵᠤ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠵᠦ᠂ ᠰᠢᠨ᠎ᠡ ᠠᠵᠠ ᠲᠣᠬᠢᠶᠠᠯ ᠠᠪᠴᠢᠷᠠᠬᠤ ᠪᠣᠯᠤᠨ᠎ᠠ᠃ ᠲᠣᠰ ᠤᠳᠠᠭᠠᠨ ᠤ ᠬᠤᠳᠠᠯᠳᠤᠭᠠᠴᠢᠨ ᠤᠷᠢᠬᠤ ᠲᠠᠨᠢᠯᠴᠠᠭᠤᠯᠭ᠎ᠠ ᠶᠢᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠬᠠᠮᠲᠤᠷᠠᠯᠴᠠᠭᠠᠨ ᠤ ᠣᠷᠣᠨ ᠤ ᠬᠥᠭᠵᠢᠯᠲᠡ ᠶᠢᠨ ᠪᠠᠶᠢᠷᠢ ᠲᠣᠭᠲᠠᠭᠠᠯᠲᠠ᠂ ᠲᠥᠷᠥ ᠶᠢᠨ ᠪᠣᠳᠣᠯᠭ᠎ᠠ ᠶᠢᠨ ᠳᠠᠪᠠᠭᠤᠯᠢᠭ᠂ ᠭᠠᠵᠠᠷ ᠣᠷᠣᠨ ᠤ ᠳᠠᠪᠠᠭᠤᠯᠢᠭ᠂ ᠡᠬᠢ ᠪᠠᠶᠠᠯᠢᠭ ᠤᠨ ᠳᠠᠪᠠᠭᠤᠯᠢᠭ ᠲᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠲᠠᠯ᠎ᠠ ᠶᠢᠨ ᠣᠶᠤᠨ ᠤᠬᠠᠭᠠᠨ ᠬᠦᠴᠦᠨ ᠴᠢᠳᠠᠯ ᠢ ᠬᠤᠷᠠᠮᠳᠤᠭᠤᠯᠵᠤ᠂ ᠳᠤᠮᠳᠠᠳᠤ ᠮᠣᠩᠭᠤᠯ ᠤᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠢ ᠬᠢᠯᠢ ᠳᠠᠭᠠᠤ ᠶᠢᠨ ᠭᠠᠵᠠᠷ ᠣᠷᠣᠨ ᠤ ᠥᠨᠳᠥᠷ ᠬᠢᠷᠢ ᠲᠦᠪᠰᠢᠨ ᠪᠥᠬᠦᠶ ᠨᠡᠭᠡᠭᠡᠯᠲᠡ ᠶᠢᠨ ᠲᠠᠪᠴᠠᠩ᠂ ︽ᠨᠢᠭᠡ ᠪᠦᠰᠡ ᠨᠢᠭᠡ ᠵᠠᠮ︾ ᠤᠨ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠴᠢᠬᠤᠯᠠ ᠵᠠᠩᠭᠢᠯᠠᠭ᠎ᠠ ᠶᠢᠨ ᠴᠡᠭ᠂ ᠳᠤᠮᠳᠠᠳᠤ ᠮᠣᠩᠭᠤᠯ ᠤᠨ ᠨᠥᠬᠦᠷᠰᠡᠭ ᠬᠠᠮᠲᠤᠷᠠᠯᠴᠠᠭᠠᠨ ᠤ ᠥᠯᠢᠭᠡᠷ ᠵᠢᠱᠢᠶ᠎ᠡ ᠪᠣᠯᠭᠠᠨ ᠪᠥᠲᠥᠭᠡᠨ ᠪᠠᠶᠢᠭᠤᠯᠬᠤ ᠶᠢ ᠬᠦᠰᠡᠵᠦ ᠪᠠᠶᠢᠨ᠎ᠠ᠃
     ᠮᠣᠩᠭᠤᠯ ᠤᠨ ᠳᠠᠯ᠎ᠠ ᠶᠢᠨ ᠢᠯᠡᠷᠬᠡᠶᠢᠯᠡᠭᠰᠡᠨ ᠨᠢ᠂ ᠬᠢᠳᠠᠳ ᠣᠯᠣᠰ ᠪᠣᠯ ᠮᠣᠩᠭᠤᠯ ᠤᠯᠤᠰ ᠤᠨ ᠴᠢᠬᠤᠯᠠ ᠬᠤᠳᠠᠯᠳᠤᠭᠠᠨ ᠤ ᠬᠦᠷᠰᠢ ᠪᠣᠯᠣᠨ᠎ᠠ᠃ ᠡᠨᠠ ᠵᠢᠯ ᠪᠤᠯ ᠶᠠᠭ ᠬᠤᠶᠠᠷ ᠤᠯᠤᠰ ᠤᠨ ᠭᠠᠲᠠᠭᠠᠲᠤ ᠬᠠᠷᠢᠯᠴᠠᠭ᠎ᠠ ᠪᠠᠶᠢᠭᠤᠯᠣᠬᠰᠠᠨ 75 ᠵᠢᠯ ᠤᠨ ᠣᠢ᠂ ᠪᠠᠶᠢᠯᠲᠣᠬᠤ ᠪᠤᠲᠣᠯᠭ᠎ᠠ ᠶᠢᠨ ᠬᠠᠨᠢ ᠨᠠᠶᠢᠵᠠ ᠶᠢᠨ ᠬᠠᠷᠢᠴᠠᠭ᠎ᠠ ᠪᠠᠶᠢᠭᠤᠯᠣᠬᠲᠠᠬᠰᠠᠨ 10 ᠵᠢᠯ ᠤᠨ ᠣᠢ ᠪᠤᠯᠬᠤ ᠣᠢᠶ᠎ᠡ ᠳᠤ ᠬᠤᠶᠠᠷ ᠤᠯᠤᠰ ᠤᠨ ᠵᠠᠰᠠᠭ ᠤᠨ ᠣᠷᠲᠣᠠ ᠤ ᠬᠤᠭᠤᠷᠣᠠᠲᠣᠭᠢ ᠠᠵᠤ ᠠᠬᠤᠢ ᠶᠢᠨ ᠬᠠᠮᠲᠣᠷᠠᠯᠴᠠᠭᠠᠨ ᠤ ᠣᠷᠣᠠ ᠪᠠᠶᠢᠭᠤᠯᠬᠤ ᠳᠣᠬᠠᠢ ᠬᠤᠯᠪᠤᠬᠲᠠᠯ ᠪᠦᠭᠦᠢ ᠣᠴᠢᠷ ᠶᠠᠪᠤᠲᠠᠯ ᠤᠨ ᠲᠠᠯ᠎ᠠ ᠪᠠᠷ ᠮᠠᠰᠢ ᠣᠯᠠᠨ ᠬᠠᠮᠲᠤ ᠶᠢᠨ ᠲᠠᠨᠢᠯᠲᠠ ᠲᠠᠢ ᠪᠤᠯᠵᠤ᠂ ᠡᠭᠦᠠ ᠢᠶᠠᠷ ᠳᠣᠭᠢᠶᠠᠯ ᠪᠤᠯᠭᠠᠨ᠂ ᠬᠤᠶᠠᠷ ᠲᠠᠯ᠎ᠠ ᠶᠢᠨ ᠬᠠᠮᠲᠤ ᠪᠠᠷ ᠬᠦᠭᠵᠢᠬᠦ ᠶᠠᠷᠣᠩᠭᠡᠢ ᠳᠦᠰᠣᠯ ᠶᠣᠰᠣᠭᠠᠷ᠂ ᠣᠯᠠᠨ ᠤᠯᠤᠰ ᠤᠨ ᠪᠠᠷᠠᠭᠠᠨ ᠤ ᠬᠦᠢᠢᠯᠭᠡᠭᠡ᠂ ᠭᠠᠲᠠᠭᠠᠲᠤ ᠠᠴᠠ ᠣᠷᠣᠭᠤᠯᠵᠤ ᠪᠤᠯᠪᠠᠰᠣᠷᠠᠭᠤᠯᠬᠤ᠂ ᠬᠢᠯᠢ ᠠᠯᠣᠰᠯᠠᠭᠦ ᠵᠢᠭᠤᠯᠴᠢᠯᠠᠯ ᠪᠠ ᠣᠲᠤ ᠣᠢᠶ᠎ᠡ ᠶᠢᠨ ᠣᠢᠢᠯᠠᠴᠢᠯᠡᠭᠡ ᠵᠠᠷᠭᠡ ᠠᠵᠤ ᠣᠢᠢᠯᠠᠰ ᠢ ᠣᠷᠢᠲᠠᠪᠡᠷ ᠬᠦᠭᠵᠢᠬᠦᠯᠵᠦ᠂ ᠠᠵᠤ ᠠᠬᠤᠢ ᠶᠢᠨ ᠬᠠᠮᠲᠣᠷᠠᠯᠴᠠᠭᠠᠨ ᠤ ᠣᠷᠣᠠ ᠢᠶᠠᠨ ᠣᠯᠠᠨ ᠤᠯᠤᠰ ᠤᠨ ᠪᠠᠷᠢᠮᠵᠢᠶ᠎ᠠ ᠳᠤ ᠨᠠᠶᠢᠴᠡᠨ᠂ ᠠᠽᠢᠶ᠎ᠠ ᠡᠸᠦ᠋ᠷᠦᠫᠠ ᠶᠢᠨ ᠠᠷᠠᠯᠵᠢᠶᠠᠨ ᠤ ᠴᠢᠬᠤᠯᠠ ᠣᠷᠣᠨ ᠪᠣᠯᠭᠠᠨ ᠬᠦᠭᠵᠢᠬᠦᠯᠦᠨ᠎ᠡ ᠬᠡᠪᠡ᠃
    ᠲᠤᠰ ᠤᠳᠠᠭᠠᠨ ᠤ ᠬᠤᠷᠠᠯ ᠳᠤ ᠨᠡᠶᠢᠲᠡ 40.37 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠲᠤᠬᠢᠷᠠᠯᠴᠠᠪᠠ᠃ ᠡᠭᠦᠨ ᠳᠤ᠂ ᠡᠷᠢᠶᠡᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠢᠭᠡᠳ ᠶᠤᠸᠠᠨ ᠵᠢᠩ ᠡᠨᠧᠷᠭᠢ᠂ ᠳᠤᠮᠳᠠᠳᠤ ᠤᠮᠠᠷᠠᠲᠤ ᠶᠢᠨ ᠡᠬᠡ ᠬᠠᠭᠤᠷᠠᠶ ᠶᠢᠨ ᠭᠠᠷᠠᠮ᠂ ᠰᠢᠨᠵᠢᠶᠠᠩ ᠤᠨ ᠬᠤᠩ ᠯᠢᠶᠠᠨ᠂ ᠯᠢᠶᠠᠨ ᠶᠦᠨ ᠭᠠᠩ ᠤᠨ ᠪᠣᠯᠣᠷ ᠵᠡᠷᠭᠡ 6 ᠠᠵᠤ ᠠᠬᠤᠶᠢᠯᠠᠯ ᠲᠥᠷᠥᠯ ᠵᠦᠢᠯ ᠤᠨ ᠪᠦᠳᠦᠭᠦᠪᠴᠢ ᠬᠡᠯᠡᠯᠴᠡᠭᠡᠷ ᠲᠣᠭᠲᠠᠵᠤ᠂ ᠠᠭᠤᠷᠬᠠᠢ ᠶᠢᠨ ᠭᠠᠷᠤᠯᠲᠠ ᠶᠢ ᠨᠠᠷᠢᠯᠢᠭ ᠡᠳ᠋ᠰᠢᠭᠦᠯᠬᠦ᠂ ᠣᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ᠂ ᠰᠢᠨ᠎ᠡ ᠡᠨᠧᠷᠭᠢ᠂ ᠰᠣᠶᠣᠯ ᠵᠢᠭᠤᠯᠴᠢᠯᠠᠯ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠵᠡᠷᠭᠡ ᠬᠦᠷᠢᠶ᠎ᠡ ᠴᠠᠷᠠᠭ᠎ᠠ ᠶᠢ ᠬᠠᠮᠤᠷᠴᠤ᠂ ᠲᠥᠷᠥᠯ ᠵᠦᠢᠯ ᠤᠨ ᠭᠡᠷ᠎ᠡ ᠲᠣᠭᠲᠠᠭᠰᠠᠨ ᠵᠥᠪᠳᠡᠯᠴᠡᠬᠡᠷ ᠤᠨ ᠪᠡᠯᠡ ᠮᠥᠩᠭᠦ 20.12 ᠳ᠋ᠦᠩᠰᠢᠭᠤᠷ ᠲᠥᠭᠦᠷᠢᠭ ᠪᠠᠶᠢᠨ᠎ᠠ᠃ ᠡᠷᠢᠶᠡᠨ ᠬᠤᠲᠠ ᠶᠢᠨ ᠰᠢᠨ ᠱᠧᠩ ᠲᠠᠢ᠂ ᠢ ᠯᠢ ᠠᠷᠠᠯᠵᠢᠶ᠎ᠠ᠂ ᠪᠠᠢ ᠬᠤᠢ ᠶᠤᠸᠠᠨ᠂ ᠬᠤᠤ ᠭᠠᠩ ᠵᠢᠮᠢᠰ ᠢᠳᠡᠰᠢᠨ ᠨᠣᠭᠤᠭ᠎ᠠ ᠠᠮᠤ ᠲᠣᠰᠣ ᠵᠡᠷᠭᠡ ᠤᠯᠤᠰ ᠤᠨ ᠳᠣᠲᠣᠭᠠᠳᠤ ᠶᠢᠨ 6 ᠠᠵᠤ ᠠᠬᠤᠶᠢᠯᠠᠯ ᠨᠢ ᠮᠣᠩᠭᠤᠯ ᠤᠯᠤᠰ ᠤᠨ ᠭᠤᠪᠢ ᠶᠢᠨ ᠮᠢᠩᠭᠠᠨ ᠭᠠᠵᠠᠷ ᠤᠨ ᠠᠳᠤᠭᠤᠨ ᠠᠭᠤᠷᠬᠠᠢ᠂ ᠪᠢᠯᠢᠭᠳᠦ ᠵᠣᠷᠪᠣᠰ᠂ ᠳᠠᠷᠬᠠᠨ ᠪᠣᠯᠣᠳ ᠲᠡᠮᠦᠷ ᠤᠨ ᠦᠢᠯᠡᠳᠪᠦᠷᠢ᠂ ᠰᠤᠳᠤᠨ ᠠᠮᠳᠠ ᠵᠡᠷᠭᠡ 6 ᠺᠣᠮᠫᠠᠨᠢ ᠲᠠᠢ ᠲᠤᠰ ᠲᠤᠰ 6 ᠭᠠᠳᠠᠭᠠᠳᠤ ᠠᠷᠠᠯᠵᠢᠶᠠᠨ ᠤ ᠵᠠᠬᠢᠶᠠᠯᠠᠭ᠎ᠠ ᠲᠣᠭᠲᠠᠵᠤ᠂ ᠵᠠᠬᠢᠶᠠᠯᠠᠭ᠎ᠠ ᠶᠢᠨ ᠪᠡᠯᠡ ᠮᠥᠩᠭᠦ 20.25 ᠳ᠋ᠦᠩᠰᠢᠭᠤᠷ ᠲᠥᠭᠦᠷᠢᠭ ᠲᠤ ᠬᠦᠷᠴᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号