| | ᠡᠷᠢᠶᠡᠨ ᠪᠣᠭᠤᠮᠲᠠ ᠶᠢᠨ ᠪᠦᠷᠢᠳᠭᠡᠯ ᠢ ᠦᠨᠳᠦᠰᠦᠯᠡᠪᠡᠯ᠂ 11 ᠰᠠᠷ᠎ᠠ ᠶᠢᠨ 4 ᠤ ᠡᠳᠦᠷ ᠪᠣᠯᠲᠠᠯ᠎ᠠ᠂ | ᠡᠷᠢᠶᠡᠨ ᠬᠤᠲᠠ ᠶᠢᠨ ᠪᠣᠭᠤᠮᠲᠠ ᠶᠢᠨ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠬᠡᠮᠵᠢᠶ᠎ᠡ 5.01 | ᠳ᠋ᠦᠩᠱᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 61.7 ᠨᠡᠮᠡᠭᠳᠡᠵᠡᠢ᠃ | | | | | ᠡᠷᠢᠶᠡᠨ ᠬᠤᠲᠠ ᠶᠢᠨ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶ᠎ᠠ ᠶᠢ ᠨᠠᠶᠢᠳᠠᠪᠣᠷᠢᠵᠢᠭᠤᠯᠣᠭᠰᠠᠨ ᠲᠠᠸᠠᠷ ᠨᠢ | ᠢᠮᠠᠭᠠᠨ ᠨᠣᠯᠤᠤᠷ᠂ ᠮᠠᠭᠠᠯᠢᠩᠭᠤ᠂ ᠬᠥᠯᠳᠡᠭᠡᠭᠰᠡᠨ ᠪᠦᠰᠡᠲᠦ ᠦᠬᠡᠷ ᠤᠨ ᠮᠢᠬ᠎ᠠ ᠵᠡᠷᠭᠡ 3 ᠲᠥᠷᠥᠯ ᠳᠤ ᠲᠥᠪᠯᠡᠷᠡᠵᠦ | ᠪᠠᠢᠨ᠎ᠠ᠂ ᠣᠳᠣᠬᠠᠨ ᠳᠤ ᠨᠢᠭᠡᠨᠲᠡ ᠬᠡᠪᠰᠢᠬᠦᠯᠦᠨ ᠠᠵᠢᠯᠯᠠᠭᠤᠯᠵᠤ᠂ ᠠᠷᠠᠯᠵᠢᠶᠠᠨ ᠤ ᠤᠯᠤᠰ ᠨᠢ ᠲᠤᠰ ᠲᠤᠰ | ᠮᠣᠩᠭᠤᠯ ᠤᠯᠤᠰ᠂ ᠣᠷᠣᠰ᠂ ᠪᠧᠯᠦᠷᠦᠰᠢᠶᠠ 3 ᠤᠯᠤᠰ ᠲᠤ ᠬᠦᠷᠲᠡᠯ᠎ᠡ ᠥᠷᠭᠡᠳᠭᠡᠵᠡᠢ᠃ ᠡᠨᠡ ᠵᠢᠯ ᠠᠴᠠ ᠨᠠᠰᠢ᠂ | ᠡᠳ᠋ᠰᠢᠭᠦᠯᠬᠦ ᠵᠠᠭᠪᠤᠷ ᠢᠶᠠᠷ ᠭᠠᠳᠠᠭᠠᠳᠤ ᠠᠴᠠ ᠣᠷᠣᠭᠤᠯᠤᠭᠰᠠᠨ ᠠᠮᠤ ᠪᠤᠳᠠᠭ᠎ᠠ᠂ ᠮᠢᠬᠠᠨ ᠤ ᠵᠦᠢᠯ ᠨᠠᠶᠢᠳᠠ 185 | ᠪᠦᠯᠦᠭ ᠤᠳᠠᠭ᠎ᠠ ᠪᠠᠶᠢᠵᠤ᠂ ᠠᠷᠠᠯᠵᠢᠶᠠᠨ ᠤ ᠬᠡᠮᠵᠢᠶ᠎ᠡ ᠨᠢ 4.86 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 61.5% ᠨᠡᠮᠡᠭᠳᠡᠪᠡ᠃ | | | | | ᠡᠷᠢᠶᠡᠨ ᠪᠣᠭᠤᠮᠲᠠ ᠶᠢᠨ ᠬᠢᠨ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠬᠢᠨᠠᠯᠲᠠ ᠬᠠᠮᠢᠶᠠᠷᠤᠯᠲᠠ ᠶᠢᠨ | ︽ᠨᠢᠭᠡ ᠰᠢᠰᠲ᠋ᠧᠮ ᠬᠤᠶᠠᠷ ᠲᠠᠪᠴᠠᠩ︾ ᠤᠨ ᠣᠶᠤᠨᠴᠢᠯᠠᠭᠰᠠᠨ ᠵᠠᠭᠪᠤᠷ ᠢ ᠦᠷᠭᠦᠯᠵᠢᠯᠡᠨ ᠪᠠᠶᠢᠭᠤᠯᠵᠤ᠂ ᠣᠷᠣᠨ | ᠨᠤᠲᠤᠭ ᠤᠨ ᠦᠢᠯᠡᠴᠢᠯᠡᠭᠡᠨ ᠤ ᠲᠠᠪᠴᠠᠩ ᠤᠨ ᠴᠢᠳᠠᠮᠵᠢ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ᠂ ᠡᠷᠢᠶᠡᠨ | ᠬᠤᠲᠠ ᠶᠢᠨ ᠪᠣᠭᠤᠮᠲᠠ ᠶᠢᠨ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠶᠠᠰᠤ ᠴᠢᠨᠠᠷ ᠢ ᠳᠡᠭᠡᠭᠰᠢᠯᠡᠭᠦᠯᠦᠨ | ᠦᠷ᠎ᠡ ᠠᠰᠢᠭ ᠢ ᠨᠡᠮᠡᠭᠳᠡᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠪᠠ᠃ ᠡᠨᠡ ᠵᠢᠯ ᠣᠳᠣᠬᠠᠨ ᠪᠣᠯᠲᠠᠯ᠎ᠠ᠂ ︽ | ᠪᠣᠭᠤᠮᠲᠠ ᠶᠢᠨ ᠳᠠᠷᠤᠭ᠎ᠠ ᠶᠢᠨ ᠲᠥᠷᠥ ᠶᠢᠨ ᠪᠣᠳᠣᠯᠭ᠎ᠠ ᠶᠢ ᠭᠡᠷ ᠲᠤᠨᠢ ᠬᠦᠷᠭᠡᠬᠦ︾ ᠠᠵᠢᠯᠯᠠᠭ᠎ᠠ ᠶᠢ 5 ᠤᠳᠠᠭ᠎ᠠ | ᠥᠷᠨᠢᠭᠦᠯᠵᠦ᠂ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠬᠦ︾ ᠠᠵᠢᠯᠯᠠᠭ᠎ᠠ ᠶᠢ 10 ᠤᠳᠠᠭ᠎ᠠ ᠥᠷᠨᠢᠭᠦᠯᠵᠦ᠂ | 9 ᠡᠳ᠋ᠰᠢᠭᠦᠯᠬᠦ ᠠᠵᠤ ᠠᠬᠤᠶᠢᠯᠠᠯ᠂ ᠬᠢᠯᠢ ᠶᠢᠨ ᠠᠷᠠᠳ ᠤᠨ ᠬᠠᠷᠢᠯᠴᠠᠨ ᠬᠠᠪᠰᠤᠷᠤᠯᠴᠠᠬᠤ ᠳᠤᠭᠤᠶᠢᠯᠠᠩ 11᠂ | ᠬᠢᠯᠢ ᠶᠢᠨ ᠠᠷᠠᠳ ᠤᠨ ᠬᠤᠷᠰᠢᠶ᠎ᠠ 2 ᠢ ᠰᠢᠨ᠎ᠡ ᠪᠠᠷ ᠨᠡᠮᠡᠭᠳᠡᠭᠦᠯᠵᠦ᠂ ᠬᠢᠯᠢ ᠶᠢᠨ ᠠᠷᠠᠳ ᠤᠨ ᠳᠠᠩᠰᠠᠯᠠᠭᠤᠯᠤᠭᠰᠠᠨ | ᠬᠥᠮᠦᠨ ᠤ ᠲᠤᠭ᠎ᠠ 1.1 ᠲᠦᠮᠡ ᠶᠢ ᠳᠠᠪᠠᠵᠤ᠂ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠲᠤᠭ᠎ᠠ | ᠪᠠᠷᠢᠮᠲᠠ ᠶᠢᠨ ᠲᠣᠯᠢ ᠪᠢᠴᠢᠭ ᠢ ᠨᠢᠭᠡᠨᠲᠡ 1.0 ᠬᠡᠪᠯᠡᠯ ᠢ ᠨᠡᠭᠡᠭᠡᠨ ᠬᠥᠭᠵᠢᠭᠦᠯᠪᠡ᠃ | | |