| 12 ᠰᠠᠷ᠎ᠠ ᠶᠢᠨ 6 ᠤ ᠡᠳᠦᠷ ᠡᠷᠢᠶᠡᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ | ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 2001 ᠲᠦᠮᠡᠨ ᠲᠣᠨ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ᠂ ᠳᠠᠬᠢᠨᠲᠠ | ᠰᠠᠶᠢᠨ ᠴᠢᠮᠡᠭᠡ ᠤᠯᠠᠮᠵᠢᠯᠠᠭᠳᠠᠨ ᠢᠷᠡᠵᠡᠢ᠂ 12 ᠰᠠᠷ᠎ᠠ ᠶᠢᠨ 8 ᠤ ᠡᠳᠦᠷ ᠪᠣᠯᠲᠠᠯ᠎ᠠ᠂ ᠡᠷᠢᠶᠡᠨ ᠪᠣᠭᠤᠮᠲᠠ ᠶᠢᠨ ᠬᠢᠯᠢ ᠪᠠᠷ | ᠨᠡᠪᠳᠡᠷᠡᠬᠦ ᠬᠥᠮᠦᠰ 244.1 ᠲᠦᠮᠡᠨ ᠬᠥᠮᠦᠨ ᠤᠳᠠᠭ᠎ᠠ ᠳᠤ ᠬᠦᠷᠴᠦ᠂ ᠪᠠᠰᠠ ᠨᠢᠭᠡ ᠤᠳᠠᠭ᠎ᠠ ᠲᠡᠦᠬᠡ ᠶᠢᠨ ᠰᠢᠨ᠎ᠡ | ᠲᠡᠮᠳᠡᠭᠯᠡᠯ ᠢ ᠡᠭᠦᠳᠪᠡ᠃ | ᠡᠷᠢᠶᠡᠨ ᠪᠣᠭᠤᠮᠲᠠ ᠪᠣᠯ ᠮᠠᠨ ᠤ ᠤᠯᠤᠰ ᠤᠨ ᠮᠣᠩᠭᠤᠯ ᠤᠯᠤᠰ ᠲᠤ ᠨᠡᠭᠡᠭᠡᠯᠲᠡ ᠬᠢᠭᠰᠡᠨ ᠶᠡᠷᠦᠩᠬᠡᠶᠢᠯᠡᠭᠰᠡᠨ ᠴᠢᠨᠠᠷᠲᠠᠶ | ᠪᠣᠭᠤᠮᠲᠠ ᠪᠣᠯᠤᠨ᠎ᠠ᠂ ᠵᠠᠰᠠᠮᠠᠯ ᠵᠠᠮ᠂ ᠲᠡᠮᠦᠷ ᠵᠠᠮ ᠬᠤᠶᠠᠷ ᠤᠯᠤᠰ ᠤᠨ ᠲᠠᠰ ᠤᠨ ᠨᠢᠭᠡᠳᠦᠭᠡᠷ ᠲᠥᠷᠥᠯ ᠤᠨ ᠪᠣᠭᠤᠮᠲᠠ ᠲᠠᠢ | ᠂ ᠳᠤᠮᠳᠠᠳᠤ ᠮᠣᠩᠭᠤᠯ ᠬᠤᠶᠠᠷ ᠤᠯᠤᠰ ᠤᠨ ᠠᠷᠠᠳ ᠢᠷᠭᠡᠳ ᠤᠨ ᠠᠵᠤ ᠠᠬᠤᠶ ᠠᠷᠠᠯᠵᠢᠶᠠᠨ ᠤ ᠶᠠᠪᠤᠯᠴᠠᠭ᠎ᠠ ᠪᠠ | ᠰᠣᠶᠣᠯ ᠤᠨ ᠰᠣᠯᠢᠯᠴᠠᠭᠠᠨ ᠤ ᠴᠢᠬᠤᠯᠠ ᠬᠥᠭᠦᠷᠭᠡ ᠪᠠ ᠴᠣᠩᠬᠤ ᠪᠣᠯᠤᠨ᠎ᠠ᠃ ᠡᠨᠡ ᠵᠢᠯ ᠠᠴᠠ ᠨᠠᠰᠢ᠂ ᠬᠢᠯᠢ ᠪᠠᠷ ᠣᠷᠣᠵᠤ | ᠭᠠᠷᠬᠤ ᠳᠤ ᠠᠰᠢᠭᠳᠠᠢ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠦᠷᠭᠦᠯᠵᠢᠯᠡᠨ ᠨᠦᠯᠦᠭᠡᠯᠡᠭᠰᠡᠨ ᠢᠶᠠᠷ᠂ ᠳᠤᠮᠳᠠᠳᠤ | ᠤᠯᠤᠰ ᠲᠤ ᠢᠷᠡᠵᠦ ᠵᠢᠭᠤᠯᠴᠢᠯᠠᠨ ᠲᠣᠭᠤᠷᠢᠨ ᠦᠵᠡᠬᠦ᠂ ᠠᠷᠠᠯᠵᠢᠶ᠎ᠠ ᠬᠤᠳᠠᠯᠳᠤᠭᠠᠨ ᠤ ᠵᠥᠪᠳᠡᠯᠴᠡᠬᠡᠷ ᠬᠢᠬᠦ᠂ ᠲᠥᠷᠥᠯ | ᠰᠠᠳᠤᠨ ᠢᠶᠠᠨ ᠡᠷᠭᠢᠵᠦ ᠦᠵᠡᠬᠦ ᠵᠡᠷᠭᠡ ᠭᠠᠳᠠᠭᠠᠳᠤ ᠶᠢᠨ ᠠᠶᠠᠨᠴᠢᠳ ᠤᠨ ᠲᠤᠭ᠎ᠠ ᠶᠡᠬᠡᠪᠡᠷ ᠨᠡᠮᠡᠭᠳᠡᠵᠦ᠂ ᠡᠳᠦᠷ ᠪᠦᠷᠢ | ᠳᠤᠮᠳᠠᠴᠢ ᠪᠠᠷ 7100 ᠭᠠᠷᠤᠢ ᠬᠥᠮᠦᠨ ᠤᠳᠠᠭ᠎ᠠ ᠬᠢᠯᠢ ᠪᠠᠷ ᠨᠡᠪᠳᠡᠷᠡᠬᠦ ᠬᠥᠮᠦᠰ ᠢ ᠰᠢᠯᠭᠠᠨ ᠪᠠᠶᠢᠴᠠᠭᠠᠵᠦ᠂ ᠭᠠᠭᠴᠠ | ᠡᠳᠦᠷ ᠬᠠᠮᠤᠭ ᠥᠨᠳᠥᠷ ᠲᠡᠭᠡᠨ 1.2 ᠲᠦᠮᠡ ᠭᠠᠷᠤᠢ ᠬᠥᠮᠦᠨ ᠤᠳᠠᠭ᠎ᠠ ᠬᠢᠯᠢ ᠪᠠᠷ ᠨᠡᠪᠳᠡᠷᠡᠪᠡ᠃ ᠪᠣᠭᠤᠮᠲᠠ ᠶᠢᠨ | ᠭᠠᠳᠠᠭᠠᠳᠤ ᠨᠡᠭᠡᠭᠡᠯᠲᠡ ᠶᠢᠨ ᠪᠥᠲᠥᠭᠡᠨ ᠪᠠᠶᠢᠭᠤᠯᠤᠯᠲᠠ᠂ ᠰᠣᠶᠣᠯ ᠢᠷᠭᠡᠨᠰᠢᠯ ᠤᠨ ᠰᠣᠯᠢᠯᠴᠠᠭ᠎ᠠ᠂ ᠠᠵᠤ ᠠᠬᠤᠶ | ᠠᠷᠠᠯᠵᠢᠶᠠᠨ ᠤ ᠬᠥᠭᠵᠢᠯᠲᠡ ᠵᠡᠷᠭᠡ ᠨᠢ ᠴᠥᠮ ᠴᠤᠭ ᠪᠠᠳᠠᠷᠠᠩᠭᠤᠶ ᠥᠭᠡᠳᠡᠯᠡᠨ ᠳᠠᠪᠰᠢᠬᠤ ᠠᠮᠢᠵᠢᠷᠠᠯ ᠤᠨ ᠬᠦᠴᠦᠨ ᠢ | ᠢᠯᠡᠷᠡᠭᠦᠯᠪᠡ᠃ | ᠪᠣᠭᠤᠮᠲᠠ ᠶᠢᠨ ᠠᠶᠠᠨᠴᠢᠳ ᠤᠨ ᠲᠤᠭ᠎ᠠ ᠦᠷᠭᠦᠯᠵᠢᠯᠡᠨ ᠲᠦᠷᠭᠡᠨ ᠨᠡᠮᠡᠭᠳᠡᠬᠦ ᠪᠠᠶᠢᠳᠠᠯ ᠤᠨ ᠡᠮᠦᠨ᠎ᠡ᠂ ᠡᠷᠢᠶᠡᠨ ᠤ | ᠬᠢᠯᠢ ᠪᠠᠷ ᠨᠡᠪᠳᠡᠷᠡᠬᠦ ᠬᠢᠯᠢ ᠶᠢᠨ ᠬᠠᠮᠠᠭᠠᠯᠠᠯᠲᠠ ᠶᠢᠨ ᠰᠢᠯᠭᠠᠨ ᠪᠠᠶᠢᠴᠠᠭᠠᠬᠤ ᠥᠷᠲᠡᠭᠡ ᠨᠡᠭᠦᠳᠡᠯ ᠠᠷᠠᠳ ᠤᠨ | ᠬᠠᠮᠢᠶᠠᠷᠤᠯᠲᠠ ᠶᠢᠨ ᠬᠦᠷᠢᠶᠡᠨ ᠳᠠᠬᠢ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠳᠥᠯᠭᠢᠨ | ᠠᠬᠢᠭᠤᠯᠵᠤ᠂ ᠪᠣᠭᠤᠮᠲᠠ ᠶᠢᠨ ᠪᠠᠶᠢᠴᠠᠭᠠᠨ ᠰᠢᠯᠭᠠᠬᠤ ᠲᠥᠬᠦᠭᠡᠷᠦᠮᠵᠢ ᠶᠢ ᠲᠠᠰ ᠳᠡᠪᠰᠢᠭᠦᠯᠵᠦ᠂ ︽ᠬᠢᠯᠢ ᠶᠢᠨ | ᠪᠠᠶᠢᠴᠠᠭᠠᠯᠲᠠ ᠬᠢᠵᠦ ᠨᠡᠪᠲᠡᠷᠡᠭᠦᠯᠬᠦ︾ ᠳᠠᠩᠰᠠᠯᠠᠭᠤᠯᠤᠨ ᠪᠣᠯᠵᠣᠬᠤ ᠦᠢᠯᠡᠴᠢᠯᠡᠭᠡᠨ ᠤ ᠲᠠᠪᠴᠠᠩ ᠢ ᠨᠡᠭᠡᠭᠡᠨ ᠬᠥᠭᠵᠢᠭᠦᠯᠵᠦ᠂ | ︽ᠤᠷᠢᠳᠴᠢᠯᠠᠨ ᠮᠡᠳᠡᠭᠡᠯᠡᠬᠦ᠂ ᠪᠣᠯᠵᠣᠵᠤ ᠪᠣᠭᠤᠮᠲᠠ ᠪᠠᠷ ᠥᠩᠭᠡᠷᠡᠭᠦᠯᠬᠦ︾ ᠬᠢᠯᠢ ᠶᠢᠨ ᠪᠠᠶᠢᠴᠠᠭᠠᠯᠲᠠ ᠶᠢᠨ ᠪᠠᠶᠢᠴᠠᠭᠠᠨ | ᠰᠢᠯᠭᠠᠬᠤ ᠵᠠᠭᠪᠤᠷ ᠢ ᠪᠣᠶ ᠪᠣᠯᠭᠠᠵᠤ᠂ ᠵᠢᠭᠤᠯᠴᠢᠯᠠᠯ ᠤᠨ ᠪᠦᠯᠬᠦᠮ ᠳᠤᠭᠤᠶᠢᠯᠠᠩ᠂ ᠪᠠᠷᠠᠭᠠᠨ ᠤ ᠲᠡᠭᠡᠭᠡᠪᠦᠷᠢ ᠶᠢᠨ ᠲᠡᠷᠭᠡ | ᠬᠥᠰᠬᠡ ᠶᠢᠨ ᠪᠣᠭᠤᠮᠲᠠ ᠪᠠᠷ ᠲᠦᠷᠭᠡᠨ ᠥᠩᠭᠡᠷᠡᠬᠦ ᠦᠢᠯᠡᠴᠢᠯᠡᠭᠡ ᠶᠢ ᠪᠡᠶᠡᠯᠡᠭᠦᠯᠪᠡ᠃ ᠪᠣᠭᠤᠮᠲᠠ ᠶᠢᠨ ᠣᠷᠭᠢᠯ ᠤᠨ | ᠬᠤᠭᠤᠴᠠᠭᠠᠨ ᠳᠠᠬᠢ ᠪᠣᠭᠤᠮᠲᠠ ᠪᠠᠷ ᠥᠩᠭᠡᠷᠡᠬᠦ ᠲᠤᠭ᠎ᠠ ᠪᠠᠷᠢᠮᠲᠠ ᠪᠠ ᠵᠢᠮ᠎ᠡ ᠶᠣᠰᠣᠨ ᠤ ᠣᠨᠴᠠᠯᠢᠭ ᠲᠠᠢ ᠤᠶᠠᠯᠳᠤᠭᠤᠯᠤᠨ᠂ | ︽ᠬᠤᠶᠠᠷ ᠨᠡᠶᠢᠲᠡᠯᠡᠵᠦ ᠨᠢᠭᠡ ᠰᠠᠨᠠᠭᠤᠯᠤᠮᠵᠢ︾ ᠶᠢᠨ ᠤᠷᠢᠳᠴᠢᠯᠠᠨ ᠮᠡᠳᠡᠭᠳᠡᠬᠦ ᠦᠢᠯᠡᠴᠢᠯᠡᠭᠡ ᠶᠢ ᠠᠬᠢᠭᠤᠯᠵᠤ᠂ ︽ᠬᠡᠰᠡᠭ | ᠬᠤᠪᠢᠶᠠᠨ ᠤᠷᠤᠰᠬᠠᠯ ᠢ ᠡᠵᠡᠮᠳᠡᠬᠦ︾ ︽ᠴᠠᠭ ᠢ ᠤᠷᠲᠤᠳᠬᠠᠨ ᠪᠣᠭᠤᠮᠲᠠ ᠪᠠᠷ ᠥᠩᠭᠡᠷᠡᠬᠦ︾ ᠠᠷᠭ᠎ᠠ ᠬᠡᠮᠵᠢᠶ᠎ᠡ ᠶᠢ ᠴᠠᠭ | ᠲᠤᠬᠠᠶ ᠳᠤᠨᠢ ᠠᠪᠴᠤ᠂ ᠠᠶᠠᠨᠴᠢᠳ ᠢ ᠬᠥᠲᠥᠯᠦᠨ ᠵᠢᠯᠣᠭᠤᠳᠴᠤ ᠪᠠᠶᠢᠭᠠᠳ ᠠᠶᠠᠯᠠᠯ ᠢ ᠵᠦᠶ ᠵᠣᠬᠢᠰᠲᠠᠶ ᠳᠣᠭᠢᠷᠠᠭᠤᠯᠤᠨ᠂ | ᠣᠷᠭᠢᠯ ᠢ ᠵᠥᠷᠢᠭᠦᠯᠦᠨ ᠨᠡᠪᠲᠡᠷᠡᠭᠦᠯᠪᠡ᠃ |