ᠲᠡᠦᠭᠡ ᠶᠢᠨ ᠰᠢᠨ᠎ᠡ ᠲᠡᠮᠲᠡᠭᠯᠡᠯ ᠢ ᠳᠠᠬᠢᠨ ᠡᠭᠦᠳᠦᠶ᠎ᠡ︕ ᠡᠷᠢᠶᠡᠨ ᠪᠣᠭᠤᠮᠲᠠ ᠶᠢᠨ ᠬᠢᠯᠢ ᠪᠠᠷ ᠨᠡᠪᠳᠡᠷᠡᠬᠦ ᠬᠥᠮᠦᠰ 244.1 ᠲᠦᠮᠡᠨ ᠬᠥᠮᠦᠨ ᠤᠳᠠᠭ᠎ᠠ ᠳᠤ ᠬᠦᠷᠴᠡᠶ
ᠨᠡᠶᠢᠲᠡᠯᠡᠭᠰᠡᠨ ᠴᠠᠭ᠄
2024/12/10
 
     12 ᠰᠠᠷ᠎ᠠ ᠶᠢᠨ 6 ᠤ ᠡᠳᠦᠷ ᠡᠷᠢᠶᠡᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 2001 ᠲᠦᠮᠡᠨ ᠲᠣᠨ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ᠂ ᠳᠠᠬᠢᠨᠲᠠ ᠰᠠᠶᠢᠨ ᠴᠢᠮᠡᠭᠡ ᠤᠯᠠᠮᠵᠢᠯᠠᠭᠳᠠᠨ ᠢᠷᠡᠵᠡᠢ᠂ 12 ᠰᠠᠷ᠎ᠠ ᠶᠢᠨ 8 ᠤ ᠡᠳᠦᠷ ᠪᠣᠯᠲᠠᠯ᠎ᠠ᠂ ᠡᠷᠢᠶᠡᠨ ᠪᠣᠭᠤᠮᠲᠠ ᠶᠢᠨ ᠬᠢᠯᠢ ᠪᠠᠷ ᠨᠡᠪᠳᠡᠷᠡᠬᠦ ᠬᠥᠮᠦᠰ 244.1 ᠲᠦᠮᠡᠨ ᠬᠥᠮᠦᠨ ᠤᠳᠠᠭ᠎ᠠ ᠳᠤ ᠬᠦᠷᠴᠦ᠂ ᠪᠠᠰᠠ ᠨᠢᠭᠡ ᠤᠳᠠᠭ᠎ᠠ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃     ᠡᠷᠢᠶᠡᠨ ᠪᠣᠭᠤᠮᠲᠠ ᠪᠣᠯ ᠮᠠᠨ ᠤ ᠤᠯᠤᠰ ᠤᠨ ᠮᠣᠩᠭᠤᠯ ᠤᠯᠤᠰ ᠲᠤ ᠨᠡᠭᠡᠭᠡᠯᠲᠡ ᠬᠢᠭᠰᠡᠨ ᠶᠡᠷᠦᠩᠬᠡᠶᠢᠯᠡᠭᠰᠡᠨ ᠴᠢᠨᠠᠷᠲᠠᠶ ᠪᠣᠭᠤᠮᠲᠠ ᠪᠣᠯᠤᠨ᠎ᠠ᠂ ᠵᠠᠰᠠᠮᠠᠯ ᠵᠠᠮ᠂ ᠲᠡᠮᠦᠷ ᠵᠠᠮ ᠬᠤᠶᠠᠷ ᠤᠯᠤᠰ ᠤᠨ ᠲᠠᠰ ᠤᠨ ᠨᠢᠭᠡᠳᠦᠭᠡᠷ ᠲᠥᠷᠥᠯ ᠤᠨ ᠪᠣᠭᠤᠮᠲᠠ ᠲᠠᠢ᠂ ᠳᠤᠮᠳᠠᠳᠤ ᠮᠣᠩᠭᠤᠯ ᠬᠤᠶᠠᠷ ᠤᠯᠤᠰ ᠤᠨ ᠠᠷᠠᠳ ᠢᠷᠭᠡᠳ ᠤᠨ ᠠᠵᠤ ᠠᠬᠤᠶ ᠠᠷᠠᠯᠵᠢᠶᠠᠨ ᠤ ᠶᠠᠪᠤᠯᠴᠠᠭ᠎ᠠ ᠪᠠ ᠰᠣᠶᠣᠯ ᠤᠨ ᠰᠣᠯᠢᠯᠴᠠᠭᠠᠨ ᠤ ᠴᠢᠬᠤᠯᠠ ᠬᠥᠭᠦᠷᠭᠡ ᠪᠠ ᠴᠣᠩᠬᠤ ᠪᠣᠯᠤᠨ᠎ᠠ᠃ ᠡᠨᠡ ᠵᠢᠯ ᠠᠴᠠ ᠨᠠᠰᠢ᠂ ᠬᠢᠯᠢ ᠪᠠᠷ ᠣᠷᠣᠵᠤ ᠭᠠᠷᠬᠤ ᠳᠤ ᠠᠰᠢᠭᠳᠠᠢ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠦᠷᠭᠦᠯᠵᠢᠯᠡᠨ ᠨᠦᠯᠦᠭᠡᠯᠡᠭᠰᠡᠨ ᠢᠶᠠᠷ᠂ ᠳᠤᠮᠳᠠᠳᠤ ᠤᠯᠤᠰ ᠲᠤ ᠢᠷᠡᠵᠦ ᠵᠢᠭᠤᠯᠴᠢᠯᠠᠨ ᠲᠣᠭᠤᠷᠢᠨ ᠦᠵᠡᠬᠦ᠂ ᠠᠷᠠᠯᠵᠢᠶ᠎ᠠ ᠬᠤᠳᠠᠯᠳᠤᠭᠠᠨ ᠤ ᠵᠥᠪᠳᠡᠯᠴᠡᠬᠡᠷ ᠬᠢᠬᠦ᠂ ᠲᠥᠷᠥᠯ ᠰᠠᠳᠤᠨ ᠢᠶᠠᠨ ᠡᠷᠭᠢᠵᠦ ᠦᠵᠡᠬᠦ ᠵᠡᠷᠭᠡ ᠭᠠᠳᠠᠭᠠᠳᠤ ᠶᠢᠨ ᠠᠶᠠᠨᠴᠢᠳ ᠤᠨ ᠲᠤᠭ᠎ᠠ ᠶᠡᠬᠡᠪᠡᠷ ᠨᠡᠮᠡᠭᠳᠡᠵᠦ᠂ ᠡᠳᠦᠷ ᠪᠦᠷᠢ ᠳᠤᠮᠳᠠᠴᠢ ᠪᠠᠷ 7100 ᠭᠠᠷᠤᠢ ᠬᠥᠮᠦᠨ ᠤᠳᠠᠭ᠎ᠠ ᠬᠢᠯᠢ ᠪᠠᠷ ᠨᠡᠪᠳᠡᠷᠡᠬᠦ ᠬᠥᠮᠦᠰ ᠢ  ᠰᠢᠯᠭᠠᠨ ᠪᠠᠶᠢᠴᠠᠭᠠᠵᠦ᠂ ᠭᠠᠭᠴᠠ ᠡᠳᠦᠷ ᠬᠠᠮᠤᠭ ᠥᠨᠳᠥᠷ ᠲᠡᠭᠡᠨ 1.2 ᠲᠦᠮᠡ ᠭᠠᠷᠤᠢ ᠬᠥᠮᠦᠨ ᠤᠳᠠᠭ᠎ᠠ ᠬᠢᠯᠢ ᠪᠠᠷ ᠨᠡᠪᠳᠡᠷᠡᠪᠡ᠃ ᠪᠣᠭᠤᠮᠲᠠ ᠶᠢᠨ ᠭᠠᠳᠠᠭᠠᠳᠤ ᠨᠡᠭᠡᠭᠡᠯᠲᠡ ᠶᠢᠨ ᠪᠥᠲᠥᠭᠡᠨ ᠪᠠᠶᠢᠭᠤᠯᠤᠯᠲᠠ᠂ ᠰᠣᠶᠣᠯ ᠢᠷᠭᠡᠨᠰᠢᠯ ᠤᠨ ᠰᠣᠯᠢᠯᠴᠠᠭ᠎ᠠ᠂ ᠠᠵᠤ ᠠᠬᠤᠶ ᠠᠷᠠᠯᠵᠢᠶᠠᠨ ᠤ ᠬᠥᠭᠵᠢᠯᠲᠡ ᠵᠡᠷᠭᠡ ᠨᠢ ᠴᠥᠮ ᠴᠤᠭ ᠪᠠᠳᠠᠷᠠᠩᠭᠤᠶ ᠥᠭᠡᠳᠡᠯᠡᠨ ᠳᠠᠪᠰᠢᠬᠤ ᠠᠮᠢᠵᠢᠷᠠᠯ ᠤᠨ ᠬᠦᠴᠦᠨ ᠢ ᠢᠯᠡᠷᠡᠭᠦᠯᠪᠡ᠃      ᠪᠣᠭᠤᠮᠲᠠ ᠶᠢᠨ ᠠᠶᠠᠨᠴᠢᠳ ᠤᠨ ᠲᠤᠭ᠎ᠠ ᠦᠷᠭᠦᠯᠵᠢᠯᠡᠨ ᠲᠦᠷᠭᠡᠨ ᠨᠡᠮᠡᠭᠳᠡᠬᠦ ᠪᠠᠶᠢᠳᠠᠯ ᠤᠨ ᠡᠮᠦᠨ᠎ᠡ᠂ ᠡᠷᠢᠶᠡᠨ ᠤ ᠬᠢᠯᠢ ᠪᠠᠷ ᠨᠡᠪᠳᠡᠷᠡᠬᠦ ᠬᠢᠯᠢ ᠶᠢᠨ ᠬᠠᠮᠠᠭᠠᠯᠠᠯᠲᠠ ᠶᠢᠨ ᠰᠢᠯᠭᠠᠨ ᠪᠠᠶᠢᠴᠠᠭᠠᠬᠤ ᠥᠷᠲᠡᠭᠡ ᠨᠡᠭᠦᠳᠡᠯ ᠠᠷᠠᠳ ᠤᠨ ᠬᠠᠮᠢᠶᠠᠷᠤᠯᠲᠠ ᠶᠢᠨ ᠬᠦᠷᠢᠶᠡᠨ ᠳᠠᠬᠢ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠳᠥᠯᠭᠢᠨ ᠠᠬᠢᠭᠤᠯᠵᠤ᠂ ᠪᠣᠭᠤᠮᠲᠠ ᠶᠢᠨ ᠪᠠᠶᠢᠴᠠᠭᠠᠨ ᠰᠢᠯᠭᠠᠬᠤ ᠲᠥᠬᠦᠭᠡᠷᠦᠮᠵᠢ ᠶᠢ ᠲᠠᠰ ᠳᠡᠪᠰᠢᠭᠦᠯᠵᠦ᠂ ︽ᠬᠢᠯᠢ ᠶᠢᠨ ᠪᠠᠶᠢᠴᠠᠭᠠᠯᠲᠠ ᠬᠢᠵᠦ ᠨᠡᠪᠲᠡᠷᠡᠭᠦᠯᠬᠦ︾ ᠳᠠᠩᠰᠠᠯᠠᠭᠤᠯᠤᠨ ᠪᠣᠯᠵᠣᠬᠤ ᠦᠢᠯᠡᠴᠢᠯᠡᠭᠡᠨ ᠤ ᠲᠠᠪᠴᠠᠩ ᠢ ᠨᠡᠭᠡᠭᠡᠨ ᠬᠥᠭᠵᠢᠭᠦᠯᠵᠦ᠂ ︽ᠤᠷᠢᠳᠴᠢᠯᠠᠨ ᠮᠡᠳᠡᠭᠡᠯᠡᠬᠦ᠂ ᠪᠣᠯᠵᠣᠵᠤ ᠪᠣᠭᠤᠮᠲᠠ ᠪᠠᠷ ᠥᠩᠭᠡᠷᠡᠭᠦᠯᠬᠦ︾ ᠬᠢᠯᠢ ᠶᠢᠨ ᠪᠠᠶᠢᠴᠠᠭᠠᠯᠲᠠ ᠶᠢᠨ ᠪᠠᠶᠢᠴᠠᠭᠠᠨ ᠰᠢᠯᠭᠠᠬᠤ ᠵᠠᠭᠪᠤᠷ ᠢ ᠪᠣᠶ ᠪᠣᠯᠭᠠᠵᠤ᠂ ᠵᠢᠭᠤᠯᠴᠢᠯᠠᠯ ᠤᠨ ᠪᠦᠯᠬᠦᠮ ᠳᠤᠭᠤᠶᠢᠯᠠᠩ᠂ ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ ᠶᠢᠨ ᠪᠣᠭᠤᠮᠲᠠ ᠪᠠᠷ ᠲᠦᠷᠭᠡᠨ ᠥᠩᠭᠡᠷᠡᠬᠦ ᠦᠢᠯᠡᠴᠢᠯᠡᠭᠡ ᠶᠢ ᠪᠡᠶᠡᠯᠡᠭᠦᠯᠪᠡ᠃ ᠪᠣᠭᠤᠮᠲᠠ ᠶᠢᠨ ᠣᠷᠭᠢᠯ ᠤᠨ ᠬᠤᠭᠤᠴᠠᠭᠠᠨ ᠳᠠᠬᠢ ᠪᠣᠭᠤᠮᠲᠠ ᠪᠠᠷ ᠥᠩᠭᠡᠷᠡᠬᠦ ᠲᠤᠭ᠎ᠠ ᠪᠠᠷᠢᠮᠲᠠ ᠪᠠ ᠵᠢᠮ᠎ᠡ ᠶᠣᠰᠣᠨ ᠤ ᠣᠨᠴᠠᠯᠢᠭ ᠲᠠᠢ ᠤᠶᠠᠯᠳᠤᠭᠤᠯᠤᠨ᠂ ︽ᠬᠤᠶᠠᠷ ᠨᠡᠶᠢᠲᠡᠯᠡᠵᠦ ᠨᠢᠭᠡ ᠰᠠᠨᠠᠭᠤᠯᠤᠮᠵᠢ︾ ᠶᠢᠨ ᠤᠷᠢᠳᠴᠢᠯᠠᠨ ᠮᠡᠳᠡᠭᠳᠡᠬᠦ ᠦᠢᠯᠡᠴᠢᠯᠡᠭᠡ ᠶᠢ ᠠᠬᠢᠭᠤᠯᠵᠤ᠂ ︽ᠬᠡᠰᠡᠭ ᠬᠤᠪᠢᠶᠠᠨ ᠤᠷᠤᠰᠬᠠᠯ ᠢ ᠡᠵᠡᠮᠳᠡᠬᠦ︾ ︽ᠴᠠᠭ ᠢ ᠤᠷᠲᠤᠳᠬᠠᠨ ᠪᠣᠭᠤᠮᠲᠠ ᠪᠠᠷ ᠥᠩᠭᠡᠷᠡᠬᠦ︾ ᠠᠷᠭ᠎ᠠ ᠬᠡᠮᠵᠢᠶ᠎ᠡ ᠶᠢ ᠴᠠᠭ ᠲᠤᠬᠠᠶ ᠳᠤᠨᠢ ᠠᠪᠴᠤ᠂ ᠠᠶᠠᠨᠴᠢᠳ ᠢ ᠬᠥᠲᠥᠯᠦᠨ ᠵᠢᠯᠣᠭᠤᠳᠴᠤ ᠪᠠᠶᠢᠭᠠᠳ ᠠᠶᠠᠯᠠᠯ ᠢ ᠵᠦᠶ ᠵᠣᠬᠢᠰᠲᠠᠶ ᠳᠣᠭᠢᠷᠠᠭᠤᠯᠤᠨ᠂ ᠣᠷᠭᠢᠯ ᠢ ᠵᠥᠷᠢᠭᠦᠯᠦᠨ ᠨᠡᠪᠲᠡᠷᠡᠭᠦᠯᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号