ᠡᠷᠢᠶᠡᠨ ᠬᠤᠲᠠ ︽ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠠᠵᠦ ᠬᠡᠷ ᠪᠦᠯᠢ ᠳᠤ ︿  ᠠᠰᠢᠭ ᠬᠦᠷᠳᠡᠭᠡᠬᠦ﹀︾ ᠵᠢᠴᠢ ᠴᠢᠰᠤ ᠪᠦᠲᠦᠭᠡᠬᠦ ᠭᠤᠤᠯ ᠡᠰ ᠤᠨ ᠴᠢᠰᠤᠨ ᠤ ᠥᠯᠢᠭᠡᠷ ᠴᠤᠭᠯᠠᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/12/11
   ︽ᠬᠥᠮᠦᠯᠢᠭ ᠶᠣᠰᠣ᠂ ᠲᠦᠭᠡᠮᠡᠯ ᠬᠠᠶᠢᠷ᠎ᠠ᠂ ᠬᠤᠪᠢ ᠨᠡᠮᠡᠷᠢ ᠦᠵᠡᠭᠦᠯᠬᠦ︾ ᠤᠯᠠᠭᠠᠨ ᠵᠠᠭᠠᠯᠮᠠᠶᠢᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠠᠩ ᠣᠯᠠᠨ ᠡᠪᠡᠳᠴᠢᠨ ᠳᠤ ᠠᠮᠢ ᠨᠠᠰᠤ ᠪᠠᠨ ᠳᠠᠬᠢᠨ ᠰᠢᠲᠠᠭᠠᠬᠤ ᠬᠦᠰᠡᠯ ᠡᠷᠡᠮᠡᠯᠵᠡᠯ ᠢ ᠬᠠᠩᠭᠠᠬᠤ ᠶᠢᠨ ᠳᠣᠯᠠᠳᠠ᠂ 12 ᠰᠠᠷ᠎ᠠ ᠶᠢᠨ 10 ᠤ ᠡᠳᠦᠷ᠂ ᠮᠠᠨ ᠤ ᠬᠤᠲᠠ ︽ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠠᠵᠦ ᠬᠡᠷ ᠪᠦᠯᠢ ᠳᠤ ︿ ᠠᠰᠢᠭ ᠬᠦᠷᠳᠡᠭᠡᠬᠦ﹀︾ ᠵᠢᠴᠢ ᠴᠢᠰᠤ ᠪᠦᠲᠦᠭᠡᠬᠦ ᠭᠤᠤᠯ ᠡᠰ ᠤᠨ ᠴᠢᠰᠤᠨ ᠤ ᠥᠯᠢᠭᠡᠷ ᠴᠤᠭᠯᠠᠭᠤᠯᠬᠤ ᠠᠵᠢᠯᠯᠠᠭ᠎ᠠ ᠥᠷᠨᠢᠭᠦᠯᠪᠡ᠃    ᠦᠳᠡ ᠶᠢᠨ ᠡᠮᠦᠨᠡᠬᠢ 8 ᠴᠠᠭ ᠬᠠᠭᠠᠰ ᠲᠤ᠂ ᠴᠢᠰᠤ ᠬᠠᠨᠳᠢᠪᠯᠠᠬᠤ ᠪᠠᠷ ᠢᠷᠡᠭᠰᠡᠨ ᠬᠤᠲᠠ ᠶᠢᠨ ᠠᠷᠠᠳ ᠬᠤᠶᠢᠨ᠎ᠠ ᠬᠤᠶᠢᠨ᠎ᠠ ᠠᠴᠠ ᠪᠠᠨ ᠴᠤᠪᠤᠷᠠᠵᠤ᠂ ᠣᠯᠠᠨ ᠢᠶᠠᠷ ᠢᠶᠠᠨ ᠡᠮᠬᠢ ᠵᠢᠷᠤᠮ ᠲᠠᠢ ᠪᠠᠷ ᠬᠦᠰᠦᠨᠦᠭ ᠲᠠᠭᠯᠠᠵᠤ᠂ ᠪᠠᠶᠢᠴᠠᠭᠠᠨ ᠰᠢᠯᠭᠠᠵᠤ᠂ ᠴᠢᠰᠤ ᠠᠪᠴᠠᠶ᠃ ᠴᠢᠰᠤ ᠬᠠᠨᠪᠢᠪᠯᠠᠬᠤ ᠡᠩᠨᠡᠭᠡ ᠳᠣᠲᠣᠷ᠎ᠠ᠂ ᠠᠩᠬ᠎ᠠ ᠤᠳᠠᠭ᠎ᠠ ᠴᠢᠰᠤ ᠬᠠᠨᠳᠢᠪᠯᠠᠬᠤ ︽ᠰᠢᠨ᠎ᠡ ᠬᠥᠮᠦᠨ︾ ᠪᠠᠶᠢᠬᠤ ᠮᠥᠷᠲᠡᠭᠡᠨ ᠪᠠᠰᠠ ᠣᠯᠠᠨ ᠤᠳᠠᠭ᠎ᠠ ᠣᠷᠣᠯᠴᠠᠭᠰᠠᠨ ︽ᠠᠪᠢᠶᠠᠰᠲᠠᠨ︾ ᠪᠠᠶᠢᠨ᠎ᠠ᠃ ᠤᠯᠠᠨ ᠢᠶᠠᠷ ᠢᠶᠠᠨ ᠬᠠᠨᠴᠤᠢ ᠰᠢᠮᠠᠯᠠᠨ᠂ ᠦᠪᠡᠷ ᠤᠨ ︽ᠬᠠᠯᠠᠭᠤᠨ ᠴᠢᠰᠤ︾ ᠪᠠᠷ ᠢᠶᠠᠨ ᠠᠮᠢ ᠨᠠᠰᠤᠨ ᠤ ᠪᠤᠤᠬᠢᠶ᠎ᠠ ᠲᠠᠮᠵᠢᠭᠤᠯᠤᠨ ᠪᠤᠳᠠᠳᠤ ᠠᠵᠢᠯᠯᠠᠭ᠎ᠠ ᠪᠠᠷ ᠢᠶᠠᠨ ᠨᠠᠶᠢᠭᠡᠮ ᠳᠤ ᠬᠠᠶᠢᠷ᠎ᠠ ᠶᠢᠨ ᠢᠳᠡᠪᠬᠢ ᠬᠦᠴᠦᠨ ᠢ ᠲᠠᠮᠵᠢᠭᠤᠯᠪᠠ᠃    ᠬᠤᠲᠠ ᠶᠢᠨ ᠠᠷᠠᠳ ᠬᠠᠨ ᠯᠧᠢ ᠬᠡᠯᠡᠭᠰᠡᠨ ᠨᠢ᠄ ︽ᠪᠢ 2010 ᠣᠨ ᠳᠤ ᠠᠩᠬ᠎ᠠ ᠤᠳᠠᠭ᠎ᠠ ᠴᠢᠰᠤ ᠬᠠᠨᠳᠢᠪᠯᠠᠭᠰᠠᠨ᠂ ᠡᠭᠦᠨ ᠠᠴᠠ ᠬᠤᠶᠢᠰᠢ ᠮᠢᠨᠦ ᠴᠢᠰᠤ ᠬᠠᠨᠳᠢᠪᠯᠠᠬᠤ ᠵᠠᠮ ᠡᠬᠢᠯᠡᠭᠰᠡᠨ ᠪᠠᠶᠢᠨ᠎ᠠ᠂ ᠡᠭᠦᠨ ᠳᠤ ᠥᠨᠥᠳᠦᠷ ᠨᠡᠶᠢᠲᠡ 25 ᠤᠳᠠᠭ᠎ᠠ ᠴᠢᠰᠤ ᠬᠠᠨᠳᠢᠪᠯᠠᠵᠤ᠂ ᠨᠡᠶᠢᠲᠡ 10000 ᠮᠢᠯᠢᠯᠢᠲ᠋ᠧᠷ ᠴᠢᠰᠤ ᠬᠠᠨᠳᠢᠪᠯᠠᠭᠰᠠᠨ ᠪᠠᠶᠢᠨ᠎ᠠ᠃ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠠᠬᠤ ᠪᠣᠯ ᠨᠢᠭᠡ ᠵᠦᠢᠯ ᠤᠨ ᠠᠮᠢ ᠨᠠᠰᠤ ᠶᠢ ᠠᠪᠤᠷᠠᠬᠤ ᠬᠠᠶᠢᠷ᠎ᠠ ᠬᠠᠯᠠᠮᠵᠢ ᠶᠢᠨ ᠠᠶᠠᠯᠠᠯ ᠮᠥᠨ᠂ ᠪᠦᠬᠦ ᠨᠡᠶᠢᠭᠡᠮ ᠤᠨ ᠳᠡᠮᠵᠢᠯᠭᠡ ᠪᠠ ᠣᠷᠣᠯᠴᠠᠯᠭ᠎ᠠ ᠱᠠᠭᠠᠷᠳᠠᠭᠳᠠᠨ᠎ᠠ᠂ ᠪᠢ ᠠᠳᠡ ᠥᠷᠭᠡᠨ ᠤᠯᠠᠨ ᠬᠤᠳᠠ ᠶᠢᠨ ᠠᠷᠠᠳ ᠢ ᠨᠥᠬᠦᠷᠰᠡᠭ ᠭᠠᠷ ᠢᠶᠠᠨ ᠰᠤᠩᠭᠠᠵᠤ᠂ ᠬᠠᠶᠢᠷ᠎ᠠ ᠬᠠᠯᠠᠮᠵᠢ ᠪᠠᠷ ᠢᠶᠠᠨ ᠬᠦᠰᠡᠯ ᠡᠷᠡᠮᠡᠯᠵᠡᠯ ᠢᠶᠠᠨ ᠳᠠᠮᠵᠢᠭᠤᠯᠵᠤ᠂ ᠦᠢᠯᠡ ᠠᠵᠢᠯᠯᠠᠭ᠎ᠠ ᠪᠠᠷ ᠢᠶᠠᠨ ᠠᠮᠢ ᠨᠠᠰᠤ ᠶᠢ ᠠᠪᠤᠷᠠᠬᠤ ᠶᠢ ᠤᠷᠢᠶᠠᠯᠠᠵᠤ ᠪᠠᠶᠢᠨ᠎ᠠ︾ ᠭᠡᠵᠦ ᠬᠡᠯᠡᠪᠡ᠃    ᠠᠵᠢᠯᠯᠠᠭ᠎ᠠ ᠨᠢ ᠪᠠᠰᠠ ᠳᠡᠯᠭᠡᠨ ᠦᠵᠡᠭᠦᠯᠬᠦ ᠲᠠᠪᠴᠠᠩ᠂ ᠳᠡᠯᠭᠡᠨ ᠦᠵᠡᠭᠦᠯᠬᠦ ᠰᠠᠮᠪᠠᠷ᠎ᠠ ᠭᠠᠷᠭᠠᠬᠤ ᠵᠢᠴᠢ ᠡᠳ᠋ ᠪᠣᠳᠠᠰ ᠢ ᠳᠡᠯᠭᠡᠨ ᠦᠵᠡᠭᠦᠯᠬᠦ ᠵᠡᠷᠭᠡ ᠬᠡᠯᠪᠡᠷᠢ ᠪᠠᠷ ᠳᠠᠮᠵᠢᠭᠤᠯᠤᠨ ᠦᠨ᠎ᠡ ᠲᠥᠯᠥᠪᠦᠷᠢ ᠦᠭᠡᠢ ᠪᠠᠷ ᠴᠢᠰᠤ ᠡᠷᠭᠦᠬᠦ ᠪᠠ ᠴᠢᠰᠤ ᠪᠦᠲᠦᠭᠡᠬᠦ ᠭᠤᠣᠯ ᠡᠰ ᠤᠨ ᠴᠢᠰᠤᠨ ᠤ ᠥᠯᠢᠭᠡᠷ ᠴᠤᠭᠯᠠᠭᠤᠯᠬᠤ ᠦᠢᠯᠡᠳᠦᠯ ᠪᠠ ᠠᠴᠢ ᠬᠤᠯᠪᠣᠭᠳᠠᠯ ᠢ ᠤᠬᠠᠭᠤᠯᠬᠤ ᠶᠢᠨ ᠬᠠᠮᠲᠤ ᠨᠠᠷᠢᠨ ᠲᠠᠶᠢᠯᠪᠤᠷᠢᠯᠠᠵᠤ᠂ ᠵᠢᠷᠦᠬᠡ ᠠᠭᠤᠰᠬᠢᠨ ᠤ ᠰᠡᠷᠭᠦᠯᠲᠡ᠂ ᠠᠮᠢᠰᠬᠤᠯ ᠤᠨ ᠵᠠᠮ ᠤᠨ ᠣᠨᠳᠣᠤ ᠪᠣᠳᠠᠰ ᠤᠨ ᠲᠦᠭᠵᠢᠷᠡᠯ ᠤᠨ ᠲᠦᠷᠭᠡᠨ ᠠᠪᠤᠷᠠᠬᠤ ᠠᠷᠭ᠎ᠠ ᠶᠢ ᠨᠠᠷᠢᠨ ᠲᠠᠶᠢᠯᠪᠤᠷᠢᠯᠠᠵᠤ᠂ ᠤᠯᠠᠨ ᠲᠦᠮᠡᠨ ᠤ ᠭᠠᠮᠰᠢᠭ ᠤᠨ ᠠᠶᠤᠯ ᠲᠦᠭᠰᠢᠭᠦᠷᠢ ᠶᠢᠨ ᠤᠬᠠᠮᠰᠠᠷ ᠪᠠ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠬᠡᠪ ᠪᠣᠯᠪᠠᠰᠤᠷᠠᠯ ᠢ ᠴᠢᠩᠭᠠᠳᠬᠠᠵᠠᠢ᠃    ᠣᠳᠣᠬᠠᠨ ᠳᠤ᠂ ᠮᠠᠨ ᠤ ᠬᠤᠲᠠ ᠨᠢᠭᠡᠨᠲᠡ ︽ᠨᠡᠶᠢᠭᠡᠮ ᠳᠤ ᠬᠠᠶᠢᠷ᠎ᠠ ᠪᠠᠨ ᠡᠷᠭᠦᠵᠦ᠂ ᠬᠥᠮᠦᠰ ᠤᠨ ᠰᠡᠳᠬᠢᠯ ᠢ ᠦᠨᠡᠨ ᠰᠡᠳᠬᠢᠯ ᠠᠴᠠ ᠪᠠᠨ ᠳᠤᠯᠠᠭᠠᠴᠠᠭᠤᠯᠬᠤ︾ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠥᠷᠭᠡᠨ ᠣᠯᠠᠨ ᠲᠦᠮᠡᠨ ᠤ ᠴᠢᠰᠤ ᠪᠦᠲᠦᠭᠡᠬᠦ ᠭᠤᠤᠯ ᠡᠰ ᠤᠨ ᠬᠠᠨᠳᠢᠪᠯᠠᠯ ᠤᠨ ᠲᠤᠬᠠᠶ ᠮᠡᠳᠡᠷᠡᠬᠦ ᠨᠣᠷᠮ᠎ᠠ ᠪᠠ ᠳᠡᠮᠵᠢᠬᠦ ᠨᠣᠷᠮ᠎ᠠ ᠦᠷᠭᠦᠯᠵᠢᠯᠡᠨ ᠳᠡᠭᠡᠭᠰᠢᠯᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号